6 ᠰᠠᠷ᠎ᠠ ᠶᠢᠨ 14 ᠤ ᠦᠳᠡ ᠶᠢᠨ ᠡᠮᠦᠨᠡᠬᠢ 8 ᠴᠠᠭ 20 ᠮᠢᠨᠦ᠋ᠲ ᠤᠨ ᠦᠶ᠎ᠡ ᠪᠠᠷ᠂ ᠤᠯᠠᠭᠠᠨᠬᠠᠳᠠ | ᠬᠤᠳᠠ ᠶᠢᠨ ᠰᠦᠩᠱᠠᠨ ᠲᠣᠭᠤᠷᠢᠭ ᠤᠨ ᠢᠦᠢ ᠯᠦᠩ ᠵᠡᠭᠡᠯᠢ ᠭᠤᠳᠤᠮᠵᠢ ᠶᠢᠨ ᠴᠠᠩ ᠠᠨ ᠰᠠᠭᠤᠭᠠᠯᠢ | ᠲᠣᠭᠤᠷᠢᠭ ᠤᠨ ᠨᠢᠭᠡ ᠳᠡᠯᠭᠡᠭᠦᠷ ᠲᠤ ᠰᠢᠲᠠᠮᠠᠬᠠᠢ ᠬᠡᠢ ᠯᠡᠪᠡᠷᠡᠵᠦ ᠳᠡᠯᠪᠡᠷᠡᠭᠰᠡᠨ ᠠᠳᠡᠯ ᠭᠠᠷᠴᠤ᠂ 2 ᠬᠥᠮᠦᠨ | ᠦᠬᠦᠵᠦ᠂ 4 ᠬᠥᠮᠦᠨ ᠰᠢᠷᠬᠠᠲᠤᠵᠤ ︵ᠰᠢᠷᠬᠠᠲᠤᠭᠰᠠᠳ ᠢ ᠡᠮᠨᠡᠯᠭᠡ ᠶᠢᠨ ᠬᠤᠷᠢᠶ᠎ᠠ ᠳᠤ ᠬᠦᠷᠭᠡᠵᠦ ᠡᠮᠨᠡᠨ | ᠵᠠᠰᠠᠭᠤᠯᠪᠠ᠂ ᠠᠮᠢ ᠨᠠᠰᠤᠨ ᠤ ᠠᠶᠤᠯ ᠦᠭᠡᠢ︶᠂ ᠬᠡᠰᠡᠭ ᠭᠡᠷ ᠪᠠᠶᠢᠰᠢᠩ ᠬᠤᠬᠢᠷᠠᠯ ᠳᠤ ᠤᠴᠠᠷᠠᠪᠠ᠃ | ᠠᠳᠡᠯ ᠭᠠᠷᠤᠭᠰᠠᠨ ᠤ ᠳᠠᠷᠠᠭ᠎ᠠ᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ᠂ ᠭᠠᠯ | ᠰᠡᠷᠭᠡᠶᠢᠯᠡᠬᠦ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠬᠦᠷᠴᠦ | ᠂ ᠠᠪᠤᠷᠠᠨ ᠲᠤᠰᠠᠯᠠᠵᠤ ᠰᠢᠢᠳᠪᠦᠷᠢᠯᠡᠬᠦ᠂ ᠬᠥᠮᠦᠰ ᠢ ᠲᠠᠷᠬᠠᠭᠠᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ | ᠥᠷᠨᠢᠭᠦᠯᠪᠡ᠃ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ︽6. | 14 ᠤ ᠠᠳᠡᠯ ᠢ ᠰᠢᠢᠳᠪᠦᠷᠢᠯᠡᠬᠦ ᠠᠵᠢᠯ ᠤᠨ ᠳᠤᠭᠤᠶᠢᠯᠠᠩ︾ ᠢ ᠪᠠᠶᠢᠭᠤᠯᠵᠤ᠂ ᠠᠵᠢᠯ ᠤᠨ ᠲᠤᠰᠬᠠᠢ | ᠠᠩᠬᠢ ᠨᠤᠭᠤᠳ ᠢ ᠵᠡᠷᠭᠡᠪᠡᠷ ᠵᠣᠬᠢᠶᠠᠨ ᠪᠠᠶᠢᠭᠤᠯᠵᠤ᠂ ᠲᠤᠬᠠᠢ ᠶᠢᠨ ᠲᠠᠯᠠᠪᠠᠢ ᠳᠤ ᠰᠢᠷᠬᠠᠲᠤᠭᠰᠠᠳ ᠢ ᠠᠪᠤᠷᠠᠨ | ᠵᠠᠰᠠᠬᠤ᠂ ᠡᠭᠦᠰᠦᠮᠡᠯ ᠭᠠᠮᠰᠢᠭ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠡᠪᠳᠡᠭᠳᠡᠭᠰᠡᠨ ᠭᠡᠷ ᠪᠠᠶᠢᠰᠢᠩ ᠤᠨ | ᠥᠮᠴᠢᠲᠡᠨ ᠢ ᠲᠥᠪᠬᠢᠨᠡᠭᠦᠯᠬᠦ᠂ ᠠᠳᠡᠯ ᠤᠨ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ ᠠᠳᠡᠯ ᠤᠨ ᠰᠢᠯᠲᠠᠭᠠᠨ ᠢ ᠣᠳᠣ ᠶᠠᠭ ᠤᠯᠠᠮ ᠨᠢᠭᠡ ᠠᠯᠬᠤᠮ ᠪᠠᠶᠢᠴᠠᠭᠠᠵᠤ ᠪᠠᠶᠢᠨ᠎ᠠ᠃ | ᠰᠦᠩᠱᠠᠨ ᠲᠣᠭᠤᠷᠢᠭ ᠤᠨ 6.14 ᠤ ᠠᠳᠡᠯ ᠢ ᠰᠢᠢᠳᠪᠦᠷᠢᠯᠡᠬᠦ ᠠᠵᠢᠯ ᠤᠨ ᠳᠤᠭᠤᠶᠢᠯᠠᠩ | 2023 ᠣᠨ ᠤ 6 ᠰᠠᠷ᠎ᠠ ᠶᠢᠨ 14 ᠤ ᠡᠳᠦᠷ |