6 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠯᠤᠰ ᠤᠨ ᠡᠷᠡᠭᠦᠯ | ᠬᠠᠮᠠᠭᠠᠯᠠᠯ ᠤᠨ ᠬᠤᠲᠠ ᠶᠢ ᠪᠠᠬᠢᠵᠢᠭᠦᠯᠬᠦ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ | ᠵᠥᠩ ᠴᠢᠩ ᠰᠥᠩ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠪᠣᠯ ᠬᠤᠲᠠ ᠶᠢᠨ ᠣᠷᠣᠰᠢᠨ ᠰᠠᠭᠤᠬᠤ | ᠣᠷᠴᠢᠨ ᠨᠥᠬᠦᠴᠡᠯ ᠢ ᠰᠠᠶᠢᠵᠢᠷᠠᠭᠤᠯᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ ᠭᠠᠵᠠᠷ ᠣᠷᠣᠨ ᠤ ᠵᠥᠭᠡᠯᠡᠨ | ᠪᠣᠳᠠᠲᠤ ᠬᠦᠴᠦᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠮᠠᠨ ᠤ ᠬᠤᠲᠠ ᠳᠤ ᠡᠷᠡᠭᠦᠯ | ᠬᠠᠮᠠᠭᠠᠯᠠᠯ ᠤᠨ ᠰᠢᠯᠢᠳᠡᠭ ᠰᠠᠶᠢᠨ ᠤᠯᠠᠮᠵᠢᠯᠠᠯ ᠲᠠᠢ ᠶᠤᠮ᠂ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ︾ ᠭᠡᠬᠦ | ᠡᠨᠡᠬᠦ ᠢᠷᠠᠭᠤ ᠠᠯᠳᠠᠷ ᠨᠢ ᠬᠡᠳᠦᠨ ᠦᠶ᠎ᠡ ᠶᠢᠨ ᠬᠥᠮᠦᠰ ᠤᠨ ᠤᠶᠤᠨ ᠤᠬᠠᠭᠠᠨ ᠢ ᠨᠢᠭᠲᠠᠷᠠᠭᠤᠯᠵᠤ᠂ ᠲᠡᠦᠬᠡ ᠶᠢᠨ | ᠪᠤᠤᠭᠢᠶ᠎ᠠ ᠮᠣᠳᠣ ᠶᠢ ᠪᠢᠳᠡᠨ ᠳᠤ ᠲᠤᠰᠢᠶᠠᠪᠠ᠂ ᠪᠢᠳᠡ ᠲᠡᠦᠬᠡ ᠠᠴᠠ ᠳᠠᠭᠠᠭᠠᠯᠭᠠᠭᠰᠠᠨ ᠬᠠᠷᠢᠭᠤᠴᠠᠯᠭ᠎ᠠ ᠶᠢ | ᠡᠭᠦᠷᠭᠡᠯᠡᠵᠦ᠂ ᠡᠷᠡᠭᠦᠯ ᠬᠠᠮᠠᠭᠠᠯᠠᠯ ᠤᠨ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ | ᠵᠦᠩ ᠴᠢᠩ ᠰᠦᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ | ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠵᠦ᠂ ᠡᠭᠦᠷᠭᠡ ᠪᠠᠨ ᠲᠣᠳᠣᠷᠬᠠᠶᠢᠯᠠᠵᠤ᠂ ᠨᠡᠩ ᠴᠢᠩᠭ᠎ᠠ ᠤᠯᠤᠰ | ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠠᠵᠢᠯ ᠤᠨ ᠲᠤᠯᠭᠠᠮ᠎ᠠ ᠰᠡᠳᠬᠢᠯᠭᠡ ᠪᠠᠷ ᠡᠯ᠎ᠡ ᠵᠦᠢᠯ ᠤᠨ | ᠡᠭᠦᠷᠭᠡ ᠶᠢ ᠠᠬᠢᠭᠤᠯᠬᠤ ᠪᠠ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠥᠷᠭᠡᠨ | ᠳᠡᠯᠭᠡᠷᠡᠩᠭᠦᠶ ᠪᠠᠷ ᠤᠬᠠᠭᠤᠯᠤᠨ ᠲᠠᠶᠢᠴᠢᠯᠠᠵᠦ᠂ ᠵᠥᠪ ᠲᠠᠯ᠎ᠠ ᠠᠴᠠ ᠤᠬᠠᠭᠤᠯᠬᠤ᠂ ᠨᠡᠶᠢᠲᠡᠯᠢᠭ ᠵᠢᠱᠢᠶ᠎ᠡ ᠪᠠᠷ | ᠵᠠᠮᠴᠢᠯᠠᠬᠤ ᠪᠠᠷ ᠳᠠᠮᠵᠢᠭᠤᠯᠤᠨ᠂ ᠥᠷᠭᠡᠨ ᠤᠯᠠᠨ ᠠᠷᠠᠳ ᠲᠦᠮᠡᠨ ᠤ ᠤᠯᠤᠰ ᠤᠨ ᠡᠷᠡᠭᠦᠯ ᠬᠠᠮᠠᠭᠠᠯᠠᠯ ᠤᠨ | ᠬᠤᠳᠠ ᠶᠢ ᠡᠭᠦᠳᠦᠨ ᠪᠠᠶᠢᠭᠤᠯᠬᠤ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ | ᠲᠠᠶᠢᠴᠢᠯᠠᠵᠦ᠂ ᠪᠦᠬᠦ ᠬᠤᠳᠠ ᠶᠢᠨ ᠠᠷᠠᠳ ᠢ ᠶᠡᠭᠡ ᠪᠠᠷ ᠲᠡᠮᠵᠢᠵᠤ᠂ ᠬᠠᠮᠲᠤ ᠪᠠᠷ ᠣᠷᠣᠯᠴᠠᠬᠤ ᠶᠢ ᠪᠡᠶᠡᠯᠡᠭᠦᠯᠬᠦ | ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠨ ᠵᠢᠯᠣᠭᠤᠳᠴᠤ ᠪᠠᠶᠢᠴᠠᠭᠠᠬᠤ ᠶᠢ | ᠴᠢᠩᠭᠠᠳᠬᠠᠵᠤ᠂ ᠴᠢᠩᠭ᠎ᠠ ᠬᠦᠴᠦᠲᠡᠢ ᠬᠢᠨᠠᠨ ᠪᠠᠶᠢᠴᠠᠭᠠᠵᠤ ᠬᠢᠨᠠᠨ ᠰᠢᠯᠭᠠᠬᠤ ᠪᠠᠷ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ ᠶᠢ | ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠵᠡᠩᠨᠡᠬᠦ ᠴᠠᠭ ᠢ ᠬᠢᠵᠠᠭᠠᠷᠯᠠᠨ ᠲᠣᠭᠲᠠᠭᠠᠬᠤ᠂ | ᠡᠵᠡᠩᠨᠡᠬᠦ ᠬᠡᠪᠴᠢᠶ᠎ᠡ ᠶᠢ ᠵᠠᠭᠠᠭᠯᠠᠨ ᠲᠣᠭᠲᠠᠭᠠᠬᠤ᠂ ᠡᠷᠡᠭᠦᠯ ᠬᠠᠮᠠᠭᠠᠯᠠᠯ ᠤᠨ ᠲᠦᠷᠢᠮ ᠢ ᠪᠠᠶᠢᠭᠤᠯᠬᠤ ᠵᠡᠷᠭᠡ | ᠠᠷᠭ᠎ᠠ ᠶᠢ ᠬᠡᠷᠡᠭᠯᠡᠬᠦ ᠪᠠᠷ ᠳᠠᠮᠵᠢᠭᠤᠯᠤᠨ᠂ ᠠᠷᠠᠳ ᠲᠤ ᠲᠥᠬᠦᠮ ᠦᠵᠡᠭᠦᠯᠬᠦ ᠲᠦᠷ ᠴᠠᠭ ᠤᠨ ᠵᠠᠬ᠎ᠠ ᠳᠡᠯᠭᠡᠭᠦᠷ ᠤᠨ | ᠵᠢᠷᠤᠮᠵᠢᠯ ᠲᠠᠢ ᠡᠵᠡᠩᠨᠡᠯᠲᠡ ᠶᠢ ᠬᠥᠲᠥᠯᠦᠨ ᠵᠢᠯᠣᠭᠤᠳᠬᠤ ᠬᠡᠷᠡᠭᠲᠡᠶ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ | ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠬᠤᠲᠠ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠤᠨ | ᠬᠠᠮᠢᠶᠠᠷᠤᠯᠲᠠ ᠶᠢ ᠴᠢᠩᠭᠠᠳᠬᠠᠵᠤ᠂ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠬᠤ᠂ ᠳᠤᠷ᠎ᠠ ᠪᠠᠷ ᠢᠶᠠᠨ | ᠲᠠᠯᠪᠢᠬᠤ ᠶᠢ ᠴᠢᠩᠭ᠎ᠠ ᠴᠠᠭᠠᠵᠠᠯᠠᠵᠤ᠂ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠲᠠᠢ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ | ᠪᠠᠷᠢᠮᠲᠠᠯᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠪᠠᠬᠢᠵᠢᠭᠦᠯᠬᠦ ᠠᠵᠢᠯ ᠢ ᠪᠦᠬᠦ ᠤᠯᠤᠰ ᠤᠨ | ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠬᠤᠳᠠ ᠶᠢᠨ ᠡᠷᠡᠭᠦᠯ | ᠬᠠᠮᠠᠭᠠᠯᠠᠯ ᠢ ᠨᠠᠷᠢᠯᠢᠬᠵᠢᠭᠤᠯᠤᠭᠰᠠᠨ᠂ ᠵᠢᠷᠤᠮᠵᠢᠭᠤᠯᠤᠭᠰᠠᠨ ᠬᠠᠮᠢᠶᠠᠷᠤᠯᠲᠠ ᠶᠢᠨ ᠤᠷᠳᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠤᠳᠠ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠬᠤ ᠬᠡᠷᠡᠭᠲᠡᠶ᠃ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠤᠯᠤᠰ ᠤᠨ ᠡᠷᠡᠭᠦᠯ | ᠬᠠᠮᠠᠭᠠᠯᠠᠯ ᠤᠨ ᠬᠤᠲᠠ ᠶᠢᠨ ᠳᠠᠬᠢᠨ ᠬᠢᠨᠠᠯᠲᠠ ᠶᠢ ᠤᠭᠲᠤᠬᠤ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠠ︔ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠪᠡ᠃ |