ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠲᠥᠪ ᠬᠤᠲᠠ ᠶᠢᠨ ᠲᠣᠭᠤᠷᠢᠭ ᠤᠨ ᠤᠰᠤ ᠲᠠᠲᠠᠷᠠᠭᠤᠯᠬᠤ ᠬᠤᠭᠤᠯᠠᠶ ᠶᠢᠨ ᠲᠣᠤᠷ ᠤᠨ | ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠤᠲᠠ ᠶᠢᠨ ᠲᠣᠭᠤᠷᠢᠭ ᠤᠨ ᠣᠯᠠᠨ ᠲᠦᠮᠡᠨ ᠤ ᠶᠠᠪᠤᠵᠤ | ᠰᠠᠭᠤᠬᠤ ᠣᠷᠴᠢᠨ ᠨᠥᠬᠦᠴᠡᠯ ᠢ ᠦᠨᠡᠨ ᠬᠦ ᠰᠠᠶᠢᠵᠢᠷᠠᠭᠤᠯᠬᠤ ᠶᠢᠨ ᠲᠥᠯᠥᠭᠡ᠂ 2023 ᠣᠨ ᠳᠤ᠂ ᠰᠦᠩᠱᠠᠨ | ᠲᠣᠭᠤᠷᠢᠭ 3 ᠭᠤᠳᠤᠮᠵᠢ ᠶᠢᠨ ᠵᠠᠮ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ ᠪᠣᠶ | ᠃ | ᠢᠨᠵᠧᠨᠧᠷᠢᠩ ᠳᠤ ᡂᠢ ᠺᠠᠨ ᠭᠤᠳᠤᠮᠵᠢ ᠶᠢᠨ ᠵᠠᠮ ᠂ ᠵᠠᠮ ᠤᠨ ᠣᠷᠳᠣ ᠨᠢ 543.1 ᠮᠧᠲᠷ᠂ | ᠥᠭᠡᠷᠡᠴᠢᠯᠡᠭᠰᠡᠨ ᠪᠠᠷᠤᠭᠰᠢᠨ ᠵᠠᠮ ᠤᠨ ᠲᠠᠯᠠᠪᠠᠶ ᠨᠢ 4344.8 ᠲᠡᠭᠰᠢ ᠳᠥᠷᠪᠡᠯᠵᠢᠨ ᠮᠧᠲᠷ᠂ ᠳᠡᠪᠢᠰᠦᠭᠰᠡᠨ | ᠲᠠᠯᠠᠪᠠᠶ ᠨᠢ 113.32 ᠲᠡᠭᠰᠢ ᠳᠥᠷᠪᠡᠯᠵᠢᠨ ᠮᠧᠲᠷ᠂ ᠥᠭᠡᠷᠡᠴᠢᠯᠡᠭᠰᠡᠨ ᠪᠣᠷᠣᠭᠠᠨ ᠤ ᠤᠰᠤᠨ ᠤ ᠬᠤᠭᠤᠯᠠᠶ ᠶᠢᠨ | ᠲᠣᠤᠷ ᠤᠨ ᠣᠷᠳᠣ ᠨᠢ 543.1 ᠮᠧᠲᠷ᠂ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠣᠷᠳᠣ ᠨᠢ 543.1 | ᠮᠧᠲᠷ︔ ᠠᠵᠤ ᠦᠢᠯᠡᠳᠪᠦᠷᠢ ᠵᠠᠮ ᠬᠠᠷᠢᠯᠴᠠᠭᠠᠨ ᠤ ᠭᠤᠳᠤᠮᠵᠢ ᠶᠢᠨ ᠵᠠᠮ ᠤᠨ ᠵᠠᠮ ᠤᠨ ᠣᠷᠳᠣ ᠨᠢ 407.55 | ᠮᠧᠲᠷ᠂ ᠳᠤᠮᠳᠠᠴᠢ ᠥᠷᠭᠡᠨ ᠨᠢ 6.5 ᠮᠧᠲᠷ᠂ ᠥᠭᠡᠷᠡᠴᠢᠯᠡᠭᠰᠡᠨ ᠱᠦᠢᠨᠢ ᠪᠤᠲ᠋ᠤᠨ ᠤ ᠵᠠᠮ ᠤᠨ ᠲᠠᠯᠠᠪᠠᠶ ᠨᠢ | 2531.0 ᠲᠡᠭᠰᠢ ᠳᠥᠷᠪᠡᠯᠵᠢᠨ ᠮᠧᠲᠷ᠂ ᠳᠡᠪᠢᠰᠦᠭᠰᠡᠨ ᠲᠠᠯᠠᠪᠠᠶ ᠨᠢ 110.11 ᠲᠡᠭᠰᠢ ᠳᠥᠷᠪᠡᠯᠵᠢᠨ ᠮᠧᠲᠷ᠂ | ᠥᠭᠡᠷᠡᠴᠢᠯᠡᠭᠰᠡᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠤᠨ ᠣᠷᠳᠣ ᠨᠢ 407.55 ᠮᠧᠲᠷ︔ | ᠨᠣᠭᠤᠭᠠᠨ ᠬᠦᠷᠢᠶᠡᠯᠡᠩ ᠤᠨ ᠭᠤᠤᠯ ᠳᠠᠭᠠᠭᠰᠠᠨ ᠭᠤᠳᠤᠮᠵᠢ ᠶᠢᠨ ᠵᠠᠮ ᠤᠨ ᠵᠠᠮ ᠤᠨ ᠣᠷᠳᠣ ᠨᠢ 166.21 ᠮᠧᠲᠷ | ᠂ ᠳᠤᠮᠳᠠᠴᠢ ᠥᠷᠭᠡᠨ ᠨᠢ 7.3 ᠮᠧᠲᠷ᠂ ᠥᠭᠡᠷᠡᠴᠢᠯᠡᠭᠰᠡᠨ ᠱᠦᠢᠨᠢ ᠪᠤᠲ᠋ᠤᠨ ᠤ ᠵᠠᠮ ᠤᠨ ᠲᠠᠯᠠᠪᠠᠶ ᠨᠢ 1209.00 | ᠲᠡᠭᠰᠢ ᠳᠥᠷᠪᠡᠯᠵᠢᠨ ᠮᠧᠲᠷ᠂ ᠥᠭᠡᠷᠡᠴᠢᠯᠡᠭᠰᠡᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠤᠨ ᠣᠷᠳᠣ ᠨᠢ | 166.21 ᠮᠧᠲᠷ ᠵᠡᠷᠭᠡ ᠪᠠᠭᠲᠠᠨ᠎ᠠ᠃ ᠣᠳᠣᠬᠠᠨ ᠳᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠨᠢᠭᠡᠨᠲᠡ | ᠳᠠᠭᠤᠰᠬᠠᠭᠠᠳ᠂ ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢ ᠶᠠᠭ ᠬᠢᠵᠦ ᠪᠠᠶᠢᠨ᠎ᠠ᠃ | ᠭᠤᠳᠤᠮᠵᠢ ᠶᠢᠨ ᠵᠠᠮ ᠢ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠨᠢ | ᠬᠤᠲᠠ ᠶᠢᠨ ᠲᠣᠭᠤᠷᠢᠭ ᠤᠨ ᠪᠣᠷᠣᠭᠠᠨ ᠪᠠ ᠪᠣᠬᠢᠷᠲᠤᠯ ᠢ ᠰᠠᠯᠭᠠᠬᠤ ᠬᠤᠭᠤᠯᠠᠶ ᠶᠢᠨ ᠲᠣᠤᠷ ᠤᠨ ᠪᠥᠲᠥᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠶᠢᠨ ᠵᠠᠮ ᠤᠨ ᠤᠰᠤ ᠵᠠᠯᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠬᠤᠲᠠ ᠶᠢᠨ ᠲᠣᠭᠤᠷᠢᠭ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠵᠢᠴᠢ | ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯᠤᠨ᠎ᠠ᠃ |