ᠰᠦᠩᠱᠠᠨ ᠲᠤᠭᠤᠷᠢᠭ ᠠᠳᠠᠯ ᠠᠬᠤᠶ ᠶᠢᠨ ᠵᠢᠭᠤᠷᠠᠯᠳᠤᠭᠠᠨ ᠢ ᠬᠠᠮᠲᠤᠷᠠᠨ ᠡᠶᠡᠳᠡᠭᠦᠯᠵᠦ ᠡᠶ᠎ᠡ ᠵᠣᠬᠢᠴᠠᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2023/6/2
      ᠣᠶᠢᠷ᠎ᠠ ᠳᠤ᠂ ᠰᠦᠩᠱᠠᠨ ᠲᠤᠭᠤᠷᠢᠭ ᠤᠨ ᠰᠢᠶᠠᠩ ᠶᠠᠩ ᠵᠡᠭᠡᠯᠢ ᠭᠤᠳᠤᠮᠵᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠲᠠᠢ ᠬᠠᠮᠲᠤᠷᠠᠨ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ︽1+3︾ ᠶᠢᠨ ᠳᠥᠷᠪᠡᠨ ᠲᠠᠯ᠎ᠠ ᠶᠢᠨ ᠬᠠᠮᠲᠤ ᠪᠠᠷ ᠵᠥᠪᠯᠡᠬᠦ ᠵᠥᠪᠯᠡᠯᠭᠡᠨ ᠤ ᠬᠤᠷᠠᠯ ᠵᠢᠴᠢ ᠠᠳᠠᠯ ᠠᠬᠤᠶ ᠶᠢᠨ ᠵᠢᠭᠤᠷᠠᠯᠳᠤᠭᠠᠨ ᠢ ᠡᠶᠡᠳᠡᠭᠦᠯᠬᠦ ᠲᠤᠬᠠᠶ ᠶᠢᠨ ᠲᠠᠯᠠᠪᠤᠷ ᠤᠨ ᠬᠤᠷᠠᠯ ᠢ ᠥᠷᠨᠢᠭᠦᠯᠪᠡ᠃      ᠵᠥᠪᠯᠡᠯᠭᠡᠨ ᠤ ᠬᠤᠷᠠᠯ ᠤᠨ ᠲᠤᠬᠠᠢ ᠶᠢᠨ ᠲᠠᠯᠠᠪᠠᠢ ᠳᠤ᠂ ᠰᠢᠶᠠᠩ ᠶᠠᠩ ᠵᠡᠭᠡᠯᠢ ᠭᠤᠳᠤᠮᠵᠢ ᠶᠢᠨ ᠠᠵᠢᠯᠲᠠᠳ ᠰᠠᠭᠤᠭᠠᠯᠢ ᠠᠷᠠᠳ ᠤᠨ ᠲᠥᠯᠥᠭᠡᠯᠡᠭᠴᠢᠳ ᠲᠤ ᠢᠷᠭᠡᠨ ᠤ ᠬᠠᠤᠯᠢ ᠶᠢᠨ ᠪᠢᠴᠢᠭ ᠤᠨ ᠭᠠᠷ ᠳᠡᠪᠲᠡᠷ ᠢ ᠲᠠᠷᠬᠠᠭᠠᠪᠠ᠃ ᠠᠨ ᠵᠢᠤᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠥᠯᠥᠭᠡᠯᠡᠭᠴᠢ ᠰᠠᠭᠤᠭᠠᠯᠢ ᠲᠣᠭᠤᠷᠢᠭ ᠤᠨ ᠳᠣᠲᠣᠷ᠎ᠠ ᠣᠷᠣᠰᠢᠵᠤ ᠪᠠᠶᠢᠭ᠎ᠠ ᠠᠰᠠᠭᠤᠳᠠᠯ ᠳᠤ ᠰᠠᠨᠠᠯ ᠰᠠᠨᠠᠭᠤᠯᠭ᠎ᠠ ᠳᠤᠷᠠᠳᠪᠠ᠃ ᠠᠳᠠᠯ ᠠᠬᠤᠶ ᠶᠢᠨ ᠺᠣᠮᠫᠠᠨᠢ ᠶᠢᠨ ᠲᠥᠯᠥᠭᠡᠯᠡᠭᠴᠢ ᠬᠤᠯᠪᠣᠭᠳᠠᠯ ᠪᠥᠬᠦᠶ ᠠᠰᠠᠭᠤᠳᠠᠯ ᠢ ᠨᠠᠷᠢᠨ ᠲᠡᠮᠳᠡᠭᠯᠡᠬᠦ ᠶᠢᠨ ᠬᠠᠮᠲᠤ ᠴᠠᠭ ᠬᠢᠵᠠᠭᠠᠷᠯᠠᠨ ᠴᠡᠭᠴᠡᠯᠡᠨ ᠥᠭᠡᠷᠡᠴᠢᠯᠡᠬᠦ ᠪᠠᠷ ᠠᠮᠠᠯᠳᠠᠪᠠ᠃ ᠲᠤᠬᠠᠶ ᠶᠢᠨ ᠲᠠᠯᠠᠪᠤᠷ ᠤᠨ ᠬᠠᠤᠯᠢᠴᠢ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠬᠠᠩᠭᠠᠭᠰᠠᠨ ᠪᠠᠶᠢᠨ᠎ᠠ᠃ ᠡᠯ᠎ᠡ ᠲᠠᠯ᠎ᠠ ᠶᠢᠨ ᠬᠢᠨ ᠤ ᠨᠡᠪᠲᠡᠷᠡᠯᠴᠡᠨ ᠡᠶᠡᠳᠡᠭᠦᠯᠬᠦ ᠪᠠᠷ ᠳᠠᠮᠵᠢᠭᠤᠯᠤᠨ᠂ ᠥᠮᠴᠢᠲᠡᠨ ᠪᠠ ᠠᠳᠠᠯ ᠠᠬᠤᠶ ᠶᠢᠨ ᠺᠣᠮᠫᠠᠨᠢ ᠰᠠᠨᠠᠯ ᠨᠢᠭᠡᠲᠡᠶ ᠪᠣᠯᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号