5 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ 2023 ᠣᠨ ᠤ | ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ᠂ ᠲᠤᠭᠤᠷᠢᠭ ᠤᠨ ᠰᠣᠷᠣᠭᠴᠢ ᠡᠯᠰᠡᠬᠦ ᠵᠥᠪᠯᠡᠯ ᠤᠨ ᠡᠷᠬᠢᠯᠡᠭᠴᠢ ᠢᠦᠶ ᠬᠤᠸᠠ ᠶᠠᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠤᠭᠤᠷᠢᠭ ᠤᠨ ᠰᠣᠷᠣᠭᠴᠢ ᠡᠯᠰᠡᠬᠦ ᠵᠥᠪᠯᠡᠯ ᠤᠨ ᠡᠯ᠎ᠡ | ᠪᠦᠷᠢᠯᠳᠦᠬᠦᠨ ᠨᠢᠭᠡᠴᠡ ᠨᠦᠭᠦᠳ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠠᠵᠢᠯᠲᠠᠨ ᠢ | ᠰᠣᠩᠭᠤᠨ ᠲᠣᠮᠢᠯᠠᠬᠤ ᠠᠵᠢᠯ ᠢ ᠵᠢᠷᠤᠮᠵᠢᠭᠤᠯᠤᠨ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠣᠯᠪᠠᠰᠤᠷᠠᠭᠤᠯᠤᠯ ᠢ ᠨᠠᠷᠢᠯᠢᠬᠵᠢᠭᠤᠯᠵᠤ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠰᠢᠯᠭᠠᠭᠤᠯᠤᠭᠰᠠᠳ ᠤᠨ ᠠᠵᠢᠯ ᠢ | ᠰᠠᠶᠢᠲᠤᠷ ᠬᠢᠬᠦ ᠬᠡᠷᠡᠭᠲᠡᠶ᠃ ᠰᠢᠯᠭᠠᠯᠲᠠ ᠶᠢᠨ ᠰᠡᠳᠦᠪ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ ᠢ | ᠰᠠᠶᠢᠲᠤᠷ ᠠᠳᠬᠤᠵᠤ᠂ ᠰᠢᠯᠭᠠᠯᠲᠠ ᠶᠢᠨ ᠲᠠᠯᠠᠪᠤᠷ ᠤᠨ ᠰᠠᠬᠢᠯᠭ᠎ᠠ ᠪᠠᠲᠤ ᠶᠢ ᠴᠢᠩᠳᠠᠯᠠᠵᠤ᠂ ᠰᠢᠯᠭᠠᠯᠲᠠ ᠶᠢᠨ | ᠲᠥᠬᠦᠭᠡᠷᠦᠮᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠠᠮᠤᠭ ᠤᠨ ᠨᠠᠷᠢᠨ ᠨᠢᠭᠲᠠ ᠠᠷᠭ᠎ᠠ ᠬᠡᠮᠵᠢᠶ᠎ᠡ ᠪᠠᠷ | ᠰᠢᠯᠭᠠᠯᠲᠠ ᠶᠢᠨ ᠠᠮᠤᠷ ᠲᠦᠪᠰᠢᠨ ᠳᠤ ︽ᠬᠠᠯᠬᠠᠪᠴᠢ︾ ᠪᠠᠶᠢᠭᠤᠯᠬᠤ ᠬᠡᠷᠡᠭᠲᠡᠶ᠃ ᠰᠢᠯᠭᠠᠯᠲᠠ ᠶᠢᠨ ᠲᠠᠯᠠᠪᠤᠷ ᠤᠨ | ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ | ᠰᠢᠯᠭᠠᠭᠤᠯᠤᠭᠰᠠᠳ ᠤᠨ ᠰᠢᠯᠭᠠᠯᠲᠠ ᠠᠴᠠ ᠡᠮᠦᠨᠡᠬᠢ ᠰᠡᠳᠬᠢᠴᠡ ᠶᠢᠨ ᠵᠢᠯᠣᠭᠤᠳᠣᠯᠭ᠎ᠠ ᠶᠢ ᠢᠳᠡᠪᠬᠢᠲᠡᠶ ᠥᠷᠨᠢᠭᠦᠯᠵᠦ | ᠂ ᠬᠠᠮᠤᠭ ᠤᠨ ᠨᠢᠭᠲᠠ ᠬᠠᠮᠵᠢᠯᠴᠠᠭ᠎ᠠ ᠪᠠᠷ ᠰᠢᠯᠭᠠᠯᠲᠠ ᠶᠢᠨ ᠠᠵᠢᠯ ᠤᠨ ︽ᠬᠠᠮ ᠠᠷᠭ᠎ᠠ︾ ᠶᠢ ᠰᠠᠶᠢᠲᠤᠷ | ᠠᠳᠬᠤᠬᠤ ᠬᠡᠷᠡᠭᠲᠡᠶ᠃ | ᠬᠤᠷᠠᠯ ᠳᠡᠭᠡᠷ᠎ᠡ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ 2023 ᠣᠨ ᠤ ᠰᠦᠩᠱᠠᠨ ᠲᠣᠭᠤᠷᠢᠭ ᠤᠨ ᠳᠤᠮᠳᠠᠳᠤ ᠰᠤᠷᠭᠠᠭᠤᠯᠢ᠂ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ᠂ ᠰᠢᠯᠭᠠᠯᠲᠠ ᠳᠤ ᠪᠡᠯᠡᠳᠬᠡᠭᠰᠡᠨ | ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠪᠥᠭᠡᠳ ᠰᠢᠯᠭᠠᠯᠲᠠ ᠶᠢᠨ ᠬᠤᠭᠤᠴᠠᠭᠠᠨ ᠳᠠᠬᠢ ᠡᠯ᠎ᠡ ᠪᠦᠷᠢᠯᠳᠦᠬᠦᠨ | ᠨᠢᠭᠡᠴᠡ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ ᠳᠤᠮᠳᠠᠳᠤ᠂ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠰᠢᠯᠭᠠᠯᠲᠠ ᠶᠢᠨ ᠨᠢᠭᠤᠴᠠ ᠶᠢ ᠬᠠᠮᠠᠭᠠᠯᠠᠬᠤ ᠪᠠ ᠠᠮᠤᠷ ᠢ ᠬᠠᠮᠠᠭᠠᠯᠠᠬᠤ ᠠᠵᠢᠯ ᠢ ᠬᠠᠷᠢᠭᠤ ᠮᠡᠳᠡᠭᠦᠯᠪᠡ᠃ | | | |