ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠤᠯᠠᠮ ᠨᠢᠭᠡ | ᠠᠯᠬᠤᠮ ᠪᠠᠬᠢᠵᠢᠭᠦᠯᠦᠨ ᠥᠷᠭᠡᠳᠬᠡᠵᠦ᠂ ᠮᠠᠨ ᠤ ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠪᠥᠬᠦ ᠬᠦᠴᠦᠨ ᠢᠶᠠᠷ ᠠᠬᠢᠭᠤᠯᠬᠤ ᠶᠢᠨ ᠲᠥᠯᠥᠭᠡ᠂ ᠲᠤᠭᠤᠷᠢᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠡᠭᠡᠳᠦ ᠱᠠᠲᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠨ᠂ | ᠰᠢᠶᠠᠩ ᠪᠠᠯᠭᠠᠰᠤ ᠳᠡᠭᠡᠭᠰᠢ ᠮᠡᠳᠡᠭᠦᠯᠬᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠬᠠᠮᠲᠤᠷᠠᠨ | ᠬᠢᠨᠠᠨ ᠬᠠᠷᠭᠤᠭᠤᠯᠬᠤ ᠪᠠᠷ ᠳᠡᠮᠵᠢᠨ᠂ 2023 ᠣᠨ ᠳᠤ ᠪᠥᠬᠦ ᠲᠤᠭᠤᠷᠢᠭ ᠤᠨ ᠨᠡᠶᠢᠲᠡ 16 ᠡᠷᠦᠬᠡ ᠶᠠᠳᠠᠭᠤ | ᠬᠦᠴᠢᠷᠳᠡᠯᠲᠡᠶ ᠬᠡᠷ ᠪᠦᠯᠢ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠡᠭᠦᠷᠭᠡ ᠶᠢ ᠰᠢᠨ᠎ᠡ ᠪᠠᠷ | ᠨᠡᠮᠡᠭᠳᠡᠭᠦᠯᠬᠦ ᠶᠢᠨ ᠬᠠᠮᠲᠤ 2023 ᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ | ᠲᠥᠯᠥᠪᠯᠡᠭᠡ ᠳᠤ ᠣᠷᠣᠭᠤᠯᠪᠠ᠃ 16 ᠡᠷᠦᠬᠡ ᠶᠢᠨ ᠬᠥᠳᠡᠯᠦᠩᠭᠦᠶ ᠪᠠᠷ ᠰᠢᠨ᠎ᠡ ᠪᠠᠷ ᠨᠡᠮᠡᠭᠳᠡᠭᠰᠡᠨ ᠶᠠᠳᠠᠭᠤ | ᠬᠦᠴᠢᠷᠳᠡᠯᠲᠡᠶ ᠬᠡᠷ ᠪᠦᠯᠢ ᠳᠤ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ | 13 ᠡᠷᠦᠬᠡ᠂ ᠬᠥᠳᠡᠭᠡ ᠲᠣᠰᠬᠤᠨ ᠤ ᠲᠠᠷᠠᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠡᠷᠦᠬᠡ 2 | ᠡᠷᠦᠬᠡ᠂ ᠭᠡᠨᠡᠳᠲᠡ ᠡᠭᠦᠰᠦᠭᠰᠡᠨ ᠬᠦᠨᠳᠦ ᠨᠣᠴᠢᠲᠠᠶ ᠬᠦᠴᠢᠷᠳᠡᠯᠲᠡᠶ ᠡᠷᠦᠬᠡ 1 ᠡᠷᠦᠬᠡ ᠪᠠᠭᠲᠠᠨ᠎ᠠ᠃ | ᠣᠲᠣ ᠪᠣᠯᠲᠠᠯ᠎ᠠ᠂ 16 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠨᠢᠭᠡᠨᠲᠡ ᠪᠦᠬᠦᠨ ᠢ ᠪᠠᠷᠢᠯᠭ᠎ᠠ | ᠡᠬᠢᠯᠡᠭᠦᠯᠵᠦ᠂ 2 ᠡᠷᠦᠬᠡ ᠶᠢ ᠪᠠᠷᠢᠯᠭ᠎ᠠ ᠳᠠᠭᠤᠰᠬᠠᠵᠤ᠂ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠠᠷᠢᠯᠭ᠎ᠠ | ᠳᠠᠭᠤᠰᠬᠠᠬᠤ ᠪᠠ ᠰᠢᠯᠭᠠᠨ ᠠᠪᠬᠤ ᠵᠡᠷᠭᠡ ᠬᠠᠮᠢᠶ᠎ᠠ ᠪᠥᠬᠦᠶ ᠠᠵᠢᠯ ᠢ ᠪᠦᠬᠦᠨ ᠢ ᠳᠠᠭᠤᠰᠬᠠᠬᠤ ᠪᠠᠷ ᠴᠢᠷᠮᠠᠶᠢᠵᠤ | ᠪᠠᠶᠢᠨ᠎ᠠ᠃ |