ᠰᠦᠩᠱᠠᠨ ᠲᠣᠭᠤᠷᠢᠭ ᠤᠨ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠭᠡ ᠰᠤᠷᠭᠠᠭᠤᠯᠢ ᠶᠢᠨ ᠬᠤᠯᠪᠣᠭᠠᠲᠤ ᠴᠣᠭᠴᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/6/29
   6 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠲᠤ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠭᠡ ᠰᠤᠷᠭᠠᠭᠤᠯᠢ ᠶᠢᠨ ᠬᠤᠯᠪᠣᠭᠠᠲᠤ ᠴᠣᠭᠴᠠ ᠪᠠᠶᠢᠭᠤᠯᠤᠭᠳᠠᠬᠤ ᠶᠣᠰᠣᠯᠠᠯ ᠶᠠᠪᠤᠭᠤᠯᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠦ᠋ ᠴᠢᠶᠠᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠰᠢᠤᠸᠠᠢ ᠴᠢᠨ ᠶᠣᠰᠣᠯᠠᠯ ᠳᠤ ᠣᠷᠣᠯᠴᠠᠪᠠ᠃    ᠶᠣᠰᠣᠯᠠᠯ ᠳᠡᠭᠡᠷ᠎ᠡ᠂ ᠹᠦ᠋ ᠴᠢᠶᠠᠩ᠂ ᠯᠢᠦ ᠰᠢᠤᠸᠠᠢ ᠴᠢᠨ ᠰᠦᠩᠱᠠᠨ ᠲᠣᠭᠤᠷᠢᠭ ᠤᠨ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠭᠡ ᠰᠤᠷᠭᠠᠭᠤᠯᠢ ᠶᠢᠨ ᠶᠡᠷᠦᠩᠬᠡᠢ ᠰᠤᠷᠭᠠᠭᠤᠯᠢ ᠳᠤ ᠫᠠᠶᠢᠰᠠ ᠤᠯᠭᠤᠪᠠ᠃    ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠡᠭᠡ ᠰᠤᠷᠭᠠᠭᠤᠯᠢ ᠶᠢᠨ ᠬᠤᠯᠪᠣᠭᠠᠲᠤ ᠴᠣᠭᠴᠠ ᠨᠢ ᠲᠣᠭᠤᠷᠢᠭ ᠤᠨ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠡᠭᠡ ᠰᠤᠷᠭᠠᠭᠤᠯᠢ ᠶᠢᠨ ᠶᠡᠷᠦᠩᠬᠡᠶ ᠰᠤᠷᠭᠠᠭᠤᠯᠢ ᠪᠠ  ᠨᠠᠢᠮᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠪᠢᠶᠠᠷᠢ ᠰᠤᠷᠭᠠᠭᠤᠯᠢ ᠪᠠᠷ ᠪᠦᠷᠢᠯᠳᠦᠵᠦ᠂ ᠲᠣᠭᠤᠷᠢᠭ ᠤᠨ ᠨᠠᠰᠤᠲᠠᠶᠢᠴᠤᠳ ᠤᠨ ᠶᠡᠭᠡ ᠰᠤᠷᠭᠠᠭᠤᠯᠢ᠂ ᠡᠯ᠎ᠡ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠪᠤᠶᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ︵ᠥᠷᠲᠡᠭᠡ︶᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠳᠤ ᠲᠦᠰᠢᠭᠯᠡᠨ᠂ ᠬᠤᠤᠰ ᠱᠤᠭᠤᠮ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠢᠴᠢᠶᠡᠯ ᠤᠨ ᠲᠠᠩᠬᠢᠮ ᠭᠠᠷᠭᠠᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠦᠨ ᠨᠠᠰᠤᠲᠠᠶᠢᠴᠤᠳ ᠢ ᠲᠤᠰᠠᠯᠠᠬᠤ ᠠᠵᠢᠯᠯᠠᠭ᠎ᠠ ᠶᠢ ᠪᠠᠶᠠᠯᠢᠭᠵᠢᠭᠤᠯᠤᠨ᠎ᠠ︔ ᠲᠣᠭᠠᠴᠢᠯᠠᠭᠰᠠᠨ ᠲᠥᠬᠦᠭᠡᠷᠦᠮᠵᠢ᠂ ᠲᠣᠭᠠᠴᠢᠯᠠᠭᠰᠠᠨ ᠦᠢᠯᠡᠴᠢᠯᠡᠭᠡᠨ ᠤ ᠮᠡᠳᠡᠭᠡ ᠵᠠᠩᠭᠢ ᠪᠠᠷ ᠬᠠᠪᠰᠤᠷᠤᠨ ᠲᠡᠳᠬᠦᠬᠦ ᠪᠣᠯᠪᠠᠰᠤᠷᠠᠯ ᠢ ᠴᠢᠩᠭᠠᠳᠬᠠᠵᠤ᠂ ᠨᠠᠰᠤᠲᠠᠶᠢᠴᠤᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠠᠰᠤᠲᠠᠶᠢᠴᠤᠳ ᠢ ᠢᠳᠡᠪᠬᠢᠲᠡᠢ ᠬᠠᠪᠰᠤᠷᠴᠤ ᠲᠣᠭᠠᠴᠢᠯᠠᠭᠰᠠᠨ ᠠᠮᠢᠳᠤᠷᠠᠯ ᠳᠤ ᠠᠭᠤᠰᠤᠯᠴᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠵᠤ᠂ ᠪᠦᠬᠦᠯᠢ ᠨᠠᠰᠤᠨ ᠤ ᠨᠥᠬᠦᠷᠰᠡᠭ ᠪᠠᠭᠲᠠᠭᠠᠮᠵᠢᠲᠠᠢ ᠨᠡᠶᠢᠭᠡᠮ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号