ᠣᠶᠢᠷ᠎ᠠ ᠳᠤ᠂ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠤᠨ ᠦᠢᠯᠡᠴᠢᠯᠡᠭᠡᠨ ᠤ ᠲᠠᠪᠴᠠᠩ ᠤᠨ ᠢᠯᠡᠷᠡᠭᠦᠯᠦᠭᠰᠡᠨ ᠢᠶᠠᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ 2023 ᠣᠨ ᠤ ᠭᠤᠷᠪᠠᠳᠤᠭᠠᠷ ᠪᠦᠯᠦᠭ ᠤᠨ ᠬᠥᠮᠥᠷᠭᠡ ᠳᠤ ᠣᠷᠣᠭᠤᠯᠤᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠨᠡᠷᠡᠰ ᠤᠨ ᠳᠣᠲᠣᠷ᠎ᠠ᠂ ᠮᠠᠨ ᠤ | ᠲᠤᠭᠤᠷᠢᠭ ᠤᠨ ᠥᠪᠥᠷ ᠮᠣᠩᠭᠤᠯ ᠤᠨ ᠴᠢ ᠴᠤᠤ ᠬᠡᠮᠵᠢᠨ ᠵᠢᠷᠤᠬᠤ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ | ᠣᠷᠴᠢᠨ ᠠᠬᠤᠶ ᠶᠢᠨ ᠬᠠᠮᠠᠭᠠᠯᠠᠯᠲᠠ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠵᠡᠷᠭᠡ 11 ᠠᠵᠤ | ᠠᠬᠤᠶᠢᠯᠠᠯ ᠢ ᠠᠮᠵᠢᠯᠲᠠ ᠲᠠᠢ ᠪᠠᠷ ᠬᠥᠮᠥᠷᠭᠡ ᠳᠤ ᠣᠷᠣᠭᠤᠯᠤᠭᠰᠠᠨ ᠪᠠᠶᠢᠨ᠎ᠠ᠃ ᠡᠨᠡ ᠵᠢᠯ ᠮᠠᠨ ᠤ ᠲᠤᠭᠤᠷᠢᠭ ᠤᠨ | 30 ᠠᠵᠤ ᠠᠬᠤᠶᠢᠯᠠᠯ ᠨᠢᠭᠡᠨᠲᠡ ᠬᠥᠮᠥᠷᠭᠡ ᠳᠤ ᠣᠷᠣᠵᠤ᠂ ᠪᠥᠬᠦ ᠬᠤᠲᠠ ᠶᠢᠨ 32.6% ᠶᠢ ᠡᠵᠡᠯᠡᠪᠡ᠃ | ᠵᠢᠯ ᠤᠨ ᠡᠬᠢᠨ ᠠᠴᠠ ᠨᠠᠰᠢ᠂ ᠰᠦᠩᠱᠠᠨ ᠲᠣᠭᠤᠷᠢᠭ ᠤᠨ ᠠᠵᠤ ᠦᠢᠯᠡᠳᠪᠦᠷᠢ ᠰᠢᠨᠵᠢᠯᠡᠬᠦ ᠤᠬᠠᠭᠠᠨ ᠤ | ᠲᠣᠪᠴᠢᠶ᠎ᠠ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠰᠠᠭᠤᠷᠢ ᠴᠢᠨᠠᠷᠲᠠᠶ ᠠᠵᠢᠯ ᠪᠣᠯᠭᠠᠨ ᠠᠳᠬᠤᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠬᠥᠮᠥᠷᠭᠡ ᠳᠤ ᠭᠤᠶᠤᠴᠢᠯᠠᠨ | ᠮᠡᠳᠡᠭᠦᠯᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠡᠳᠬᠦᠬᠦ ᠲᠥᠷᠥ ᠶᠢᠨ | ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠰᠦᠯᠵᠢᠶᠡᠨ ᠠᠴᠠ ᠭᠠᠳᠠᠭᠤᠷᠬᠢ ᠪᠠ ᠰᠦᠯᠵᠢᠶᠡᠨ ᠳᠡᠭᠡᠷᠡᠬᠢ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠳᠠᠩᠰᠠᠯᠠᠬᠤ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠬᠤ ᠶᠢ ᠳᠡᠮᠵᠢᠵᠦ᠂ | ᠰᠦᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠬᠤᠤᠰ ᠳᠠᠬᠢᠨ ᠢᠶᠠᠷ ᠨᠡᠮᠡᠭᠳᠡᠬᠦ ᠶᠢ ᠤᠷᠢᠳᠴᠢᠯᠠᠨ | ᠪᠡᠶᠡᠯᠡᠭᠦᠯᠬᠦ ᠳᠤ ᠰᠠᠭᠤᠷᠢ ᠲᠠᠯᠪᠢᠭᠰᠠᠨ ᠪᠠᠶᠢᠨ᠎ᠠ᠃ |