ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠸᠢ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/7/12
     7 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠸᠢ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ︾ ᠶᠢᠨ ᠵᠥᠪᠯᠡᠬᠦ ᠰᠡᠳᠦᠪ ᠪᠠ ᠮᠤᠵᠢ ᠶᠢᠨ ᠱᠠᠲᠤᠨ ᠤ ᠤᠳᠤᠷᠢᠳᠤᠯᠭ᠎ᠠ ᠶᠢᠨ ᠡᠭᠦᠷᠭᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠠᠰᠠᠭᠤᠳᠠᠯ︾ ᠤᠨ ᠪᠠᠶᠢᠴᠠᠭᠠᠨ ᠰᠤᠳᠤᠯᠬᠤ ᠰᠡᠳᠦᠪ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ᠂ ᠲᠣᠭᠤᠷᠢᠭ ᠤᠨ ᠤᠳᠤᠷᠢᠳᠤᠯᠭ᠎ᠠ ᠯᠢᠨ ᠵᠢᠩ ᠬᠤᠸᠠ ᠂ ᠵᠢᠶᠠᠩ ᠼᠦᠩ᠂ ᠴᠢᠨ ᠢᠦᠶ ᠬᠤᠤ᠂ ᠴᠧᠨ ᠶᠠᠨ ᠶᠦᠩ ᠪᠠᠷ᠎ᠠ ᠪᠣᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳ᠋ᠠ ᠮᠢᠶᠣᠣ ᠪᠠᠯᠭᠠᠰᠤᠨ ᠤ ᠭᠦᠩᠵᠦ  ᠶᠢᠨ ᠳᠠᠪᠠᠭᠠᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠴᠢᠳᠬᠤᠯᠠᠩ ᠪᠠᠯᠭᠠᠰᠤᠨ ᠤ ᠬᠠ ᠯᠠ ᠪᠥᠸᠧ ᠯᠥᠸᠧ ᠲᠣᠰᠬᠤᠨ ᠤ ᠬᠠᠭᠤᠷᠠᠢ ᠲᠠᠷᠢᠶᠠᠯᠠᠩ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠰᠢᠢᠳᠪᠦᠷᠢᠯᠡᠬᠦ ᠠᠷᠭ᠎ᠠ ᠪᠤᠳᠤᠯᠭ᠎ᠠ ᠶᠢ ᠬᠠᠮᠲᠤᠪᠠᠷ ᠵᠥᠪᠳᠡᠯᠴᠡᠪᠡ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠪᠥᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠪᠠᠰᠠ ᠴᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠤᠷᠢᠲᠠᠯ ᠨᠥᠬᠦᠴᠡᠯ ᠮᠥᠨ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠭᠠᠵᠠᠷ ᠣᠷᠣᠨ᠂ ᠠᠯᠬᠤᠮ ᠳᠠᠷᠠᠭ᠎ᠠ᠂ ᠲᠥᠯᠥᠪᠵᠢᠭᠦᠯᠭᠡ ᠲᠠᠢ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠯᠬᠤᠮ ᠠᠯᠬᠤᠮ ᠢᠶᠠᠷ ᠥᠷᠨᠢᠭᠦᠯᠵᠦ᠂ ︽ᠨᠢᠭᠡ ᠮᠥ ᠭᠠᠵᠠᠷ ᠢ ᠪᠠᠶᠢᠭᠤᠯᠪᠠᠯ ᠨᠢᠭᠡ ᠮᠥ ᠭᠠᠵᠠᠷ ᠢ ᠠᠰᠢᠭᠯᠠᠬᠤ︾ ᠶᠢ ᠦᠨᠡᠨ ᠬᠦ ᠪᠠᠲᠤᠯᠠᠬᠤ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠪᠠᠯᠠ ᠮᠥᠩᠭᠦ ᠬᠦᠴᠦᠨ ᠴᠢᠳᠠᠯ ᠢᠶᠠᠨ ᠲᠥᠪᠯᠡᠷᠡᠭᠦᠯᠦᠨ᠂ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠬᠡᠷᠡᠭᠲᠡᠶ᠃ ︽ᠪᠠᠶᠢᠭᠤᠯᠬᠤ ᠪᠠ ᠬᠡᠷᠡᠭᠯᠡᠬᠦ ᠶᠢ ᠨᠢᠭᠡ ᠴᠤᠭᠴᠠᠵᠢᠭᠤᠯᠬᠤ︾ ᠶᠢ ᠪᠠᠷᠢᠮᠲᠠᠯᠠᠵᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ︽ᠬᠡᠨ ᠪᠠᠶᠢᠭᠤᠯᠪᠠᠯ ᠬᠡᠨ ᠠᠰᠢᠭ ᠬᠦᠷᠳᠡᠬᠦ︾ ᠵᠠᠷᠴᠢᠮ ᠶᠣᠰᠣᠭᠠᠷ᠂ ᠥᠷᠭᠡᠨ ᠤᠯᠠᠨ ᠲᠦᠮᠡᠨ ᠢ ᠬᠥᠲᠥᠯᠥᠨ ᠵᠢᠯᠣᠭᠤᠳᠴᠤ ᠲᠠᠶᠢᠴᠢᠯᠠᠨ ᠢᠳᠡᠪᠬᠢᠲᠡᠶ ᠣᠷᠣᠯᠴᠠᠭᠤᠯᠵᠤ᠂ ᠣᠷᠣᠯᠭ᠎ᠠ ᠶᠢ ᠨᠢ ᠯᠠᠪᠳᠠᠭᠤᠨ ᠢᠶᠠᠷ ᠨᠡᠮᠡᠭᠳᠡᠭᠦᠯᠬᠦ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号