ᠡᠨᠡ ᠵᠢᠯ ᠠᠴᠠ ᠨᠠᠰᠢ᠂ ᠰᠦᠩᠱᠠᠨ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠪᠥᠬᠦ ᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠲᠠᠢ | ᠤᠶᠠᠯᠳᠤᠭᠤᠯᠤᠨ᠂ ᠡᠮᠦᠨ᠎ᠡ ᠬᠤᠲᠠ ᠲᠣᠭᠤᠷᠢᠭ ᠪᠠ ᠰᠢᠨ᠎ᠡ ᠬᠤᠲᠠ ᠲᠣᠭᠤᠷᠢᠭ ᠤᠨ ᠠᠮᠠᠷᠬᠠᠨ ᠤᠰᠤᠲᠤᠬᠤ ᠴᠡᠭ ᠢ | ᠵᠠᠰᠠᠬᠤ ᠬᠥᠭᠡᠷᠭᠡ ᠶᠢᠨ ᠥᠷᠲᠡᠭᠡ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠬᠤᠲᠠ ᠶᠢᠨ ᠦᠶᠡᠷ ᠢ | ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠡᠮᠦᠨ᠎ᠡ ᠬᠤᠲᠠ ᠲᠣᠭᠤᠷᠢᠭ ᠤᠨ ᠠᠮᠠᠷᠬᠠᠨ ᠤᠰᠤᠲᠤᠬᠤ ᠭᠠᠵᠠᠷ ᠢ ᠵᠠᠰᠠᠬᠤ ᠬᠥᠭᠡᠷᠭᠡ ᠶᠢᠨ ᠥᠷᠲᠡᠭᠡᠨ ᠤ | ᠢᠨᠵᠧᠨᠧᠷᠢᠩ ᠨᠢ ᠰᠦᠩᠵᠸᠦ ᠴᠡᠴᠡᠷᠯᠢᠭ ᠲᠤ ᠪᠠᠶᠢᠷᠢᠰᠢᠵᠤ᠂ 3600 ᠲᠡᠭᠰᠢ ᠳᠥᠷᠪᠡᠯᠵᠢᠨ ᠮᠧᠲᠷ ᠲᠠᠯᠠᠪᠠᠶ ᠲᠠᠢ᠂ | ᠬᠥᠭᠡᠷᠭᠡ ᠶᠢᠨ ᠥᠷᠲᠡᠭᠡᠨ ᠳᠤ 6 ᠱᠤᠩᠭᠤᠯ ᠬᠥᠭᠡᠷᠭᠡ ᠪᠠᠶᠢᠭᠤᠯᠵᠤ᠂ ᠬᠥᠭᠡᠷᠭᠡ ᠶᠢᠨ ᠥᠷᠲᠡᠭᠡᠨ ᠤ | ᠬᠡᠪᠴᠢᠶ᠎ᠡ ᠨᠢ 50000m³/h᠂ ᠭᠠᠵᠠᠷ ᠳᠣᠤᠷᠠᠬᠢ ᠥᠷᠥᠭᠡᠨ ᠤ ᠬᠥᠭᠡᠷᠭᠡ ᠶᠢᠨ | ᠭᠡᠷ 1 ᠶᠢ ᠪᠠᠶᠢᠭᠤᠯᠵᠤ᠂ ᠪᠠᠷᠢᠯᠭ᠎ᠠ ᠶᠢᠨ ᠲᠠᠯᠠᠪᠠᠶ ᠨᠢ 1597.82 ᠲᠡᠭᠰᠢ ᠳᠥᠷᠪᠡᠯᠵᠢᠨ ᠮᠧᠲᠷ ᠪᠤᠯᠤᠨ᠎ᠠ᠃ | ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 3271 ᠲᠦᠮᠡᠨ ᠲᠥᠭᠦᠷᠢᠭ ᠪᠣᠯᠤᠨ᠎ᠠ᠃ | ᠣᠳᠣᠬᠠᠨ ᠳᠤ ᠨᠢᠭᠡᠨᠲᠡ ᠭᠤᠣᠯ ᠴᠣᠭᠴᠠ ᠶᠢᠨ ᠵᠠᠰᠠᠯ ᠴᠢᠮᠡᠭᠯᠡᠯ ᠤᠨ ᠠᠵᠢᠯ ᠢ ᠳᠠᠭᠤᠰᠬᠠᠵᠤ᠂ ᠶᠠᠭ ᠴᠠᠬᠢᠯᠭᠠᠨ | ᠬᠦᠴᠦᠨ ᠤ ᠵᠠᠯᠭᠠᠯᠲᠠ ᠶᠢᠨ ᠠᠵᠢᠯ ᠢ ᠬᠢᠵᠦ ᠪᠠᠶᠢᠨ᠎ᠠ᠃ | ᠰᠢᠨ᠎ᠡ ᠬᠤᠲᠠ ᠲᠣᠭᠤᠷᠢᠭ ᠤᠨ ᠠᠮᠠᠷᠬᠠᠨ ᠤᠰᠤᠲᠤᠬᠤ ᠭᠠᠵᠠᠷ ᠢ ᠵᠠᠰᠠᠬᠤ ᠬᠥᠭᠡᠷᠭᠡ ᠶᠢᠨ ᠥᠷᠲᠡᠭᠡᠨ ᠤ | ᠢᠨᠵᠧᠨᠧᠷᠢᠩ ᠨᠢ ᠱᠢ ᠪᠥᠸᠧ ᠶᠤᠸᠠᠨ ᠴᠡᠴᠡᠷᠯᠢᠭ ᠲᠤ ᠪᠠᠶᠢᠷᠢᠯᠠᠵᠤ᠂ 4800 ᠲᠡᠭᠰᠢ ᠳᠥᠷᠪᠡᠯᠵᠢᠨ ᠮᠧᠲᠷ | ᠲᠠᠯᠠᠪᠠᠶ ᠲᠠᠢ᠂ ᠵᠢᠷᠤᠵᠤ ᠲᠥᠯᠥᠪᠯᠡᠭᠰᠡᠨ ᠤᠷᠤᠰᠬᠠᠯ ᠤᠨ ᠬᠡᠮᠵᠢᠶ᠎ᠡ ᠨᠢ 50000m³/h ᠪᠣᠯᠤᠨ᠎ᠠ᠃ ᠲᠥᠷᠥᠯ | ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 5691 ᠲᠦᠮᠡᠨ ᠲᠥᠭᠦᠷᠢᠭ ᠪᠤᠳᠤᠨ᠎ᠠ᠃ ᠣᠳᠣᠬᠠᠨ ᠳᠤ | ᠬᠥᠭᠡᠷᠭᠡ ᠶᠢᠨ ᠥᠷᠲᠡᠭᠡᠨ ᠤ ᠭᠤᠤᠯ ᠴᠣᠭᠴᠠ ᠵᠢᠴᠢ ᠭᠠᠳᠠᠭᠤᠷᠬᠢ ᠨᠣᠭᠤᠭᠠᠷᠠᠭᠤᠯᠤᠯᠲᠠ ᠶᠢ ᠰᠡᠷᠭᠦᠭᠡᠬᠦ | ᠢᠨᠵᠧᠨᠧᠷᠢᠩ ᠢ ᠨᠢᠭᠡᠨᠲᠡ ᠳᠠᠭᠤᠰᠬᠠᠵᠤ᠂ ᠶᠠᠭ ᠴᠠᠬᠢᠯᠭᠠᠨ ᠬᠦᠴᠦᠨ ᠤ ᠵᠠᠯᠭᠠᠯᠲᠠ ᠶᠢᠨ ᠠᠵᠢᠯ ᠢ ᠬᠢᠵᠦ ᠪᠠᠶᠢᠨ᠎ᠠ᠃ | ᠡᠨᠡ ᠬᠤᠶᠠᠷ ᠠᠮᠠᠷᠬᠠᠨ ᠤᠰᠤᠲᠤᠬᠤ ᠭᠠᠵᠠᠷ ᠢ ᠵᠠᠰᠠᠬᠤ ᠬᠥᠭᠡᠷᠭᠡ ᠶᠢᠨ ᠥᠷᠲᠡᠭᠡ ᠶᠢ ᠰᠠᠷ᠎ᠠ ᠶᠢᠨ ᠰᠡᠭᠦᠯᠴᠢ ᠪᠠᠷ | ᠠᠰᠢᠭᠯᠠᠯᠲᠠ ᠳᠤ ᠣᠷᠣᠭᠤᠯᠬᠤ ᠪᠣᠯᠤᠨ᠎ᠠ᠃ |