7 ᠰᠠᠷ᠎ᠠ ᠶᠢᠨ 10 ᠤ ᠦᠳᠡ ᠶᠢᠨ ᠡᠮᠦᠨ᠎ᠡ᠂ ᠰᠦᠩᠱᠠᠨ ᠲᠤᠭᠤᠷᠢᠭ ᠤᠨ ᠴᠢᠤᠸᠠᠨ ᠨᠢᠩ ᠵᠡᠭᠡᠯᠢ | ᠭᠤᠳᠤᠮᠵᠢ ᠶᠢᠨ ᠲᠢᠶᠠᠨ ᠹᠦ᠋ ᠵᠢᠶᠠ ᠶᠤᠸᠠᠨ ᠨᠡᠶᠢᠭᠡᠮ ᠲᠣᠭᠤᠷᠢᠭ ᠤᠨ ᠶᠠ ᠶᠤᠸᠠᠨ ᠰᠠᠭᠤᠭᠠᠯᠢ ᠲᠣᠭᠤᠷᠢᠭ ᠤᠨ | ᠡᠮᠡᠭᠲᠡᠶᠢᠴᠦᠳ ᠤᠨ ᠬᠤᠯᠪᠣᠭ᠎ᠠ ᠪᠠᠶᠢᠭᠤᠯᠤᠭᠳᠠᠭᠰᠠᠨ ᠵᠢᠴᠢ ᠠᠩᠬᠠᠳᠤᠭᠠᠷ ᠤᠳᠠᠭ᠎ᠠ ᠶᠢᠨ ᠡᠮᠡᠭᠲᠡᠶᠢᠴᠦᠳ ᠤᠨ | ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠂ ᠡᠨᠡ ᠨᠢ ᠤᠯᠠᠭᠠᠨᠬᠠᠳᠠ ᠬᠤᠳᠠ ᠶᠢᠨ ᠠᠩᠬᠠᠳᠠᠭᠴᠢ ᠰᠠᠭᠤᠭᠠᠯᠢ | ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠪᠠᠶᠢᠭᠤᠯᠤᠭᠳᠠᠭᠰᠠᠨ ᠢ ᠬᠠᠷᠠᠭᠤᠯᠪᠠ᠃ ᠬᠤᠲᠠ ᠶᠢᠨ | ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ | ᠵᠠᠩ ᠶᠠᠨ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠹᠦ᠋ ᠴᠢᠶᠠᠩ ᠬᠤᠷᠠᠯ ᠳᠤ ᠤᠷᠤᠯᠴᠠᠪᠠ᠃ | ᠹᠦ᠋ ᠴᠢᠶᠠᠩ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠡᠯ᠎ᠡ ᠵᠡᠭᠡᠯᠢ ᠭᠤᠳᠤᠮᠵᠢ ᠶᠢᠨ ᠬᠢᠨ ᠲᠤᠰ | ᠤᠳᠠᠭ᠎ᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢ ᠪᠠᠶᠢᠭᠤᠯᠬᠤ ᠪᠠᠷ ᠠᠵᠠ | ᠲᠣᠬᠢᠶᠠᠯ ᠪᠣᠯᠭᠠᠨ᠂ ︽ᠨᠠᠮ ᠤᠨ ᠪᠠᠶᠢᠭᠤᠯᠤᠯᠲᠠ ᠨᠢ ᠡᠮᠡᠭᠲᠡᠶᠢᠴᠦᠳ ᠤᠨ ᠪᠠᠶᠢᠭᠤᠯᠤᠯᠲᠠ ᠶᠢ ᠳᠠᠭᠠᠭᠤᠯᠬᠤ᠂ | ᠡᠮᠡᠭᠲᠡᠶᠢᠴᠦᠳ ᠤᠨ ᠪᠠᠶᠢᠭᠤᠯᠤᠯᠲᠠ ᠨᠢ ᠨᠠᠮ ᠤᠨ ᠪᠠᠶᠢᠭᠤᠯᠤᠯᠲᠠ ᠶᠢ ᠠᠬᠢᠭᠤᠯᠬᠤ︾ ᠤᠢᠢᠯᠠᠭᠠᠭᠳᠠᠬᠤᠨ ᠢ | ᠪᠠᠷᠢᠮᠲᠠᠯᠠᠵᠤ᠂ ᠪᠦᠬᠦ ᠲᠤᠭᠤᠷᠢᠭ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠭᠦᠨᠵᠡᠭᠡᠢ ᠰᠤᠳᠤᠯᠤᠨ | ᠰᠡᠳᠬᠢᠵᠦ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠨᠢᠭᠡ ᠪᠦᠯᠦᠭ ᠬᠤᠪᠢᠰᠬᠠᠯᠲᠤ ᠰᠠᠭᠤᠭᠠᠯᠢ | ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠠᠵᠢᠯ ᠤᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ | ᠃ | ᠳᠠᠷᠠᠭ᠎ᠠ ᠳᠤᠨᠢ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠴᠢᠤᠸᠠᠨ ᠨᠢᠩ ᠵᠡᠭᠡᠯᠢ ᠭᠤᠳᠤᠮᠵᠢ ᠶᠢᠨ ᠲᠢᠶᠠᠨ | ᠹᠦ᠋ ᠵᠢᠶᠠ ᠶᠤᠸᠠᠨ ᠨᠡᠶᠢᠭᠡᠮ ᠲᠣᠭᠤᠷᠢᠭ ᠤᠨ ᠶᠠ ᠶᠤᠸᠠᠨ ᠰᠠᠭᠤᠭᠠᠯᠢ ᠲᠣᠭᠤᠷᠢᠭ ᠲᠤ ᠭᠦᠨᠵᠡᠭᠡᠶᠢᠷᠡᠨ ᠲᠤᠬᠠᠢ ᠶᠢᠨ | ᠲᠠᠯᠠᠪᠠᠢ ᠶᠢᠨ ᠪᠠᠶᠢᠴᠠᠭᠠᠨ ᠰᠤᠳᠤᠯᠤᠯᠲᠠ ᠬᠢᠪᠡ᠃ |