ᠵᠦᠩ ᠴᠢᠩ ᠰᠦᠩ 2023 ᠣᠨ ᠤ ᠲᠣᠭᠤᠷᠢᠭ ᠤᠨ ᠵᠠᠰᠠᠭ ᠤᠨ ᠣᠷᠳᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/12
    7 ᠰᠠᠷ᠎ᠠ ᠶᠢᠨ 11 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2023 ᠣᠨ ᠤ ᠲᠣᠭᠤᠷᠢᠭ ᠤᠨ ᠵᠠᠰᠠᠭ ᠤᠨ ᠣᠷᠳᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽2023 ᠣᠨ ᠤ ᠲᠣᠭᠤᠷᠢᠭ ᠤᠨ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠤᠨ ᠰᠢᠯᠭᠠᠨ ᠦᠨᠡᠯᠡᠬᠦ ᠨᠠᠷᠢᠨ ᠲᠦᠷᠢᠮ ᠪᠠ ᠨᠢᠭᠡ ᠫᠢᠶᠣᠣ ᠪᠠᠷ ᠦᠭᠡᠶᠢᠰᠬᠡᠬᠦ ᠠᠵᠢᠯ ᠤᠨ ᠦᠨᠡᠯᠡᠬᠦ ᠨᠥᠬᠦᠴᠡᠯ︾ ︽ᠰᠦᠩᠱᠠᠨ ᠲᠣᠭᠤᠷᠢᠭ ᠤᠨ 2023 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ︽ᠰᠦᠩᠱᠠᠨ ᠲᠣᠭᠤᠷᠢᠭ ᠤᠨ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠬᠡᠷᠡᠭᠵᠢᠭᠦᠯᠬᠦ ᠲᠥᠰᠦᠯ ︵2022 — 2035 ᠣᠨ︶︾ ︽ᠰᠦᠩᠱᠠᠨ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2023 — 2025 ᠣᠨ︶︾ ︽ᠰᠦᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2023 — 2025 ᠣᠨ︶︾ ︽ᠰᠦᠩᠱᠠᠨ ᠲᠣᠭᠤᠷᠢᠭ ᠤᠨ ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2023 — 2025 ᠣᠨ︶︾ ︽2023 ᠣᠨ ᠤ ᠬᠤᠶᠠᠳᠤᠭᠠᠷ ᠪᠦᠯᠦᠭ ᠤᠨ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠲᠥᠷᠥᠯ ᠵᠦᠢᠯ ᠢ ᠳᠣᠭᠢᠷᠠᠭᠤᠯᠤᠨ ᠬᠡᠷᠡᠭᠯᠡᠬᠦ ᠲᠥᠯᠥᠪᠯᠡᠭᠡ︾ ᠶᠢ ᠬᠢᠨᠠᠨ ᠵᠥᠪᠯᠡᠵᠦ ᠪᠠᠲᠤᠯᠠᠪᠠ︔ ᠰᠦᠩᠱᠠᠨ ᠲᠣᠭᠤᠷᠢᠭ ᠤᠨ 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠲᠠᠬᠢᠨ ᠬᠢᠨᠠᠯᠲᠠ ᠪᠠᠶᠢᠴᠠᠭᠠᠯᠲᠠ ᠶᠢ ᠤᠭᠲᠤᠬᠤ᠂ ᠠᠵᠤ ᠦᠢᠯᠡᠳᠪᠦᠷᠢ ᠶᠢ ᠶᠡᠭᠡ ᠪᠠᠷ ᠡᠬᠢᠯᠡᠭᠦᠯᠬᠦ᠂ ᠬᠤᠳᠠ ᠬᠥᠳᠡᠭᠡ ᠶᠢ ᠨᠢᠭᠡ ᠴᠤᠭᠴᠠᠵᠢᠭᠤᠯᠤᠨ ᠨᠡᠭᠡᠭᠡᠨ ᠬᠥᠭᠵᠢᠭᠦᠯᠬᠦ ᠲᠦᠷᠦᠯ ᠵᠦᠢᠯ ᠤᠨ ᠬᠤᠯᠪᠣᠭᠳᠠᠯ ᠪᠦᠬᠦᠢ ᠪᠠᠶᠢᠳᠠᠯ ᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠳ᠋ᠠᠩ ᠫᠦ᠋ ᠳ᠋ᠢ ᠶᠢᠨ ᠮᠠᠨᠵᠤ ᠦᠨᠳᠦᠰᠦᠲᠡᠨ ᠤ ᠰᠢᠶᠠᠩ ᠤᠨ ᠶᠦᠩ ᠲᠠᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢ ᠪᠠᠶᠢᠭᠤᠯᠬᠤ᠂ ᠭᠠᠵᠠᠷ ᠰᠢᠨᠵᠢᠯᠡᠭᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠭᠠᠵᠠᠷ ᠢ ᠰᠣᠯᠢᠵᠤ ᠨᠡᠭᠦᠯᠭᠡᠨ ᠪᠠᠶᠢᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠶᠠᠪᠤᠳᠠᠯ ᠤᠳ ᠢ ᠰᠤᠳᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠣᠭᠤᠷᠢᠭ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠭᠡᠬᠦ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠠᠵᠠ ᠲᠣᠬᠢᠶᠠᠯ ᠢ ᠠᠮᠵᠢᠵᠤ᠂ ᠢᠲᠡᠭᠡᠯ ᠵᠣᠷᠢᠭ ᠢᠶᠠᠨ ᠪᠠᠲᠤᠳᠬᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠬᠤ ᠬᠡᠷᠡᠭᠲᠡᠢ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠬᠤ ᠠᠵᠢᠯ ᠢ ᠤᠭᠲᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠤᠪᠢ ᠣᠯᠭᠤᠬᠤ ᠨᠠᠷᠢᠨ ᠲᠦᠷᠢᠮ ᠲᠠᠢ ᠬᠠᠷᠢᠴᠠᠭᠤᠯᠤᠨ᠂ ᠳᠡᠭᠡᠳᠦ ᠱᠠᠲᠤᠨ ᠤ ᠰᠢᠮᠳᠠᠭᠤᠯᠤᠨ ᠪᠠᠶᠢᠴᠠᠭᠠᠬᠤ ᠲᠠᠢ ᠤᠶᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠵᠦ ᠬᠠᠷᠢᠭᠤ ᠲᠤᠰᠬᠠᠵᠤ᠂ ᠳᠣᠤᠷ᠎ᠠ ᠨᠢ ᠪᠠᠶᠢᠴᠠᠭᠠᠵᠤ ᠳᠣᠤᠷ᠎ᠠ ᠨᠢ ᠬᠠᠯᠠᠨ ᠰᠠᠶᠢᠵᠢᠷᠠᠭᠤᠯᠵᠤ᠂ ᠨᠢᠭᠡ ᠠᠴᠠ ᠵᠦᠢᠴᠢᠯᠡᠵᠦ ᠬᠤᠶᠠᠷ ᠢ ᠮᠡᠳᠡᠬᠦ ᠬᠡᠷᠡᠭᠲᠡᠶ᠃    ᠲᠣᠭᠤᠷᠢᠭ ᠤᠨ ᠤᠳᠤᠷᠢᠳᠤᠯᠭ᠎ᠠ ᠵᠢᠶᠠᠩ ᠴᠠᠩ ᠬᠤᠢ᠂ ᠰᠢᠤᠢ ᠹᠸᠢ ᠶᠠᠨ᠂ ᠢᠦᠢ ᠬᠤᠸᠠ ᠶᠠᠨ᠂ ᠯᠢ ᠰᠢᠶᠠᠨ ᠹᠦ᠋᠂ ᠴᠧᠨ ᠶᠠᠨ ᠶᠦᠩ᠂ ᠲᠠᠩ ᠲᠢᠩ ᠲᠢᠩ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号