ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠰᠦᠩᠱᠠᠨ ᠲᠤᠭᠤᠷᠢᠭ ᠤᠨ ᠳ᠋ᠠ ᠮᠢᠶᠣᠤ ᠪᠠᠯᠭᠠᠰᠤᠨ ᠤ ᠰᠢᠶᠤᠤ ᠮᠢᠶᠣᠣ ᠽᠢ ᠲᠣᠰᠬᠤᠨ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/17
     7 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠳ᠋ᠡ ᠮᠢᠶᠣᠣ ᠪᠠᠯᠭᠠᠰᠤᠨ ᠤ ᠰᠢᠶᠤᠤ ᠮᠢᠶᠣᠣ ᠽᠢ ᠲᠣᠰᠬᠤᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ᠃ ᠬᠤᠲᠠ᠂ ᠲᠣᠭᠤᠷᠢᠭ ᠤᠨ ᠤᠳᠤᠷᠢᠳᠤᠯᠭ᠎ᠠ ᠴᠢᠶᠣᠤ ᠰᠢᠤᠸᠠᠢ ᠹᠧᠩ᠂ ᠵᠥᠩ ᠴᠢᠩ ᠰᠥᠩ᠂ ᠹᠦ᠋ ᠴᠢᠶᠠᠩ᠂ ᠰᠥᠩ ᠳ᠋ᠡ ᠹᠦ᠋ ᠪᠠᠷ᠎ᠠ ᠪᠣᠯᠪᠠ᠃    ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠶᠢᠨ ᠳᠠᠷᠤᠭ᠎ᠠ ᠵᠢᠶᠠ ᠶᠤᠸᠠᠢ ᠹᠧᠩ ᠰᠢᠶᠤᠤ ᠮᠢᠶᠣᠣ ᠽᠢ ᠲᠣᠰᠬᠤᠨ ᠤ ᠡᠮ ᠤᠨ ᠮᠠᠲ᠋ᠧᠷᠢᠶᠠᠯ ᠤᠨ ᠰᠠᠭᠤᠷᠢᠨ  ᠭᠠᠵᠠᠷ ᠲᠤ ᠲᠤᠬᠠᠢ ᠶᠢᠨ ᠭᠠᠵᠠᠷ ᠤᠨ ᠤᠯᠠᠨ ᠲᠦᠮᠡᠨ ᠲᠠᠢ ᠵᠣᠭᠤᠭᠳᠠᠵᠤ᠂ ᠬᠥᠭᠵᠢᠯᠲᠡ ᠶᠢᠨ ᠲᠤᠬᠠᠢ ᠶᠠᠷᠢᠯᠴᠠᠵᠤ᠂ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠳᠤ ᠣᠶᠢᠯᠠᠭᠠᠭᠤᠯᠵᠤ᠂ ᠴᠡᠭᠡᠵᠢᠯᠡᠭᠦᠯᠵᠦ᠂ ᠰᠤᠷᠴᠤ ᠡᠵᠡᠮᠰᠢᠯᠡᠭᠦᠯᠪᠡ᠃    ᠤᠯᠠᠨ ᠢᠶᠠᠷ ᠢᠶᠠᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠠᠶᠠᠨ ᠵᠠᠮ ᠳᠤ ᠦᠷᠭᠦᠯᠵᠢᠯᠡᠨ ᠲᠡᠮᠡᠴᠡᠵᠦ᠂ ᠰᠢᠨ᠎ᠡ ᠦᠵᠡᠯ ᠰᠠᠨᠠᠭ᠎ᠠ᠂ ᠰᠢᠨ᠎ᠡ ᠣᠶᠢᠯᠠᠭᠠᠭᠳᠠᠬᠤᠨ᠂ ᠰᠢᠨ᠎ᠡ ᠱᠠᠭᠠᠷᠳᠠᠯᠭ᠎ᠠ ᠪᠠᠷ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃    ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠪᠠᠰᠠ ᠬᠤᠩ ᠳ᠋ᠦ᠋ ᠲᠠᠷᠢᠮᠠᠯ ᠤᠨ ᠲᠤᠰᠬᠠᠢ ᠬᠤᠷᠰᠢᠶᠠᠵᠢᠯ ᠵᠢᠴᠢ ᠶᠠᠳᠠᠭᠤ ᠠᠴᠠ ᠠᠩᠭᠢᠵᠢᠷᠠᠭᠰᠠᠨ ᠡᠷᠦᠬᠡ ᠪᠠᠷ ᠬᠦᠷᠴᠦ ᠰᠤᠷᠪᠤᠯᠵᠢᠯᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号