7 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠠᠷᠠᠳ ᠤᠨ ᠰᠢᠭᠦᠬᠦ | ᠬᠤᠷᠢᠶᠠᠨ ᠤ ᠠᠩᠬᠠᠳᠠᠭᠴᠢ ︽ᠬᠠᠮᠲᠤ ᠪᠠᠷ ᠡᠳ᠋ᠯᠡᠬᠦ ᠰᠢᠭᠦᠬᠦ ᠲᠢᠩᠬᠢᠮ︾ ᠸᠠᠩ ᠤᠨ ᠬᠤᠷᠤᠭ᠎ᠠ ᠪᠠᠯᠭᠠᠰᠤᠨ ᠳᠤ | ᠪᠠᠶᠢᠭᠤᠯᠤᠭᠳᠠᠪᠠ᠃ | ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠹᠦ᠋ ᠴᠢᠶᠠᠩ ᠪᠣᠯᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠴᠧᠨ ᠯᠢ ᠮᠢᠨ | ᠬᠠᠮᠲᠤ ᠪᠠᠷ ︽ᠬᠠᠮᠲᠤ ᠪᠠᠷ ᠡᠳ᠋ᠯᠡᠬᠦ ᠰᠢᠭᠦᠬᠦ ᠲᠢᠩᠬᠢᠮ︾ ᠤᠨ ᠫᠠᠶᠢᠰᠠ ᠶᠢ ᠰᠡᠬᠦᠪᠡ᠃ | ᠹᠦ᠋ ᠴᠢᠶᠠᠩ ᠢᠯᠡᠷᠬᠡᠶᠢᠯᠡᠭᠰᠡᠨ ᠨᠢ᠂ ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠤᠯᠤᠰ | ᠲᠦᠷᠦᠴᠢ ᠴᠢᠨᠠᠷ ᠢ ᠡᠵᠡᠮᠳᠡᠵᠦ᠂ ︽ᠬᠠᠮᠲᠤ ᠪᠠᠷ ᠡᠳ᠋ᠯᠡᠬᠦ ᠰᠢᠭᠦᠬᠦ ᠲᠢᠩᠬᠢᠮ︾ ᠤᠨ ᠠᠵᠢᠯ ᠤᠨ ᠶᠡᠭᠡ ᠴᠢᠭᠯᠡᠯ ᠢ | ᠪᠠᠲᠤᠳᠬᠠᠬᠤ ᠬᠡᠷᠡᠭᠲᠡᠢ︔ ᠲᠤᠰᠬᠠᠢ ᠮᠡᠷᠭᠡᠵᠢᠯ ᠤᠨ ᠴᠢᠨᠠᠷ ᠢ ᠲᠤᠪᠤᠶᠢᠯᠭᠠᠵᠦ᠂ ᠦᠨᠳᠦᠰᠦᠨ ᠱᠠᠲᠤᠨ ᠤ | ᠵᠠᠰᠠᠯᠲᠠ ᠳᠤ ᠦᠢᠯᠡᠴᠢᠯᠡᠬᠦ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ︔ ᠰᠢᠨ᠎ᠡ ᠶᠢ ᠡᠭᠦᠳᠬᠦ | ᠴᠢᠨᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠮᠢᠴᠡ ᠣᠨᠴᠠᠯᠢᠭ ᠲᠠᠢ ︽ᠬᠠᠮᠲᠤ ᠪᠠᠷ ᠡᠳ᠋ᠯᠡᠬᠦ ᠰᠢᠭᠦᠬᠦ | ᠲᠢᠩᠬᠢᠮ︾ ᠤᠨ ᠵᠢᠱᠢᠶ᠎ᠡ ᠦᠵᠡᠭᠦᠯᠬᠦ ᠭᠠᠵᠠᠷ ᠢ ᠪᠤᠢ ᠪᠤᠯᠭᠠᠬᠤ ᠬᠡᠷᠡᠭᠲᠡᠢ᠃ ᠤᠯᠠᠨ ᠡᠰᠢᠴᠢᠯᠡᠭᠰᠡᠨ ᠬᠠᠷᠢᠭᠤ ᠥᠭᠬᠦ | ᠲᠣᠭᠲᠠᠴᠠ᠂ ᠵᠠᠰᠠᠭ ᠤᠨ ᠣᠷᠳᠣᠨ ᠪᠠ ᠰᠢᠭᠦᠬᠦ ᠬᠤᠷᠢᠶ᠎ᠠ ᠶᠢ ᠬᠤᠯᠪᠣᠯᠳᠤᠭᠤᠯᠤᠨ ᠵᠣᠯᠭᠠᠭᠤᠯᠵᠤ ᠬᠠᠮᠵᠢᠯᠴᠠᠬᠤ | ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠬᠠᠮᠲᠤ ᠪᠠᠷ ᠡᠳ᠋ᠯᠡᠬᠦ ᠰᠢᠭᠦᠬᠦ ᠲᠢᠩᠬᠢᠮ︾ ᠢ ᠬᠥᠳᠡᠭᠡ | ᠲᠣᠰᠬᠤᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ︽ᠠᠯᠳᠠᠨ ᠨᠡᠷ᠎ᠡ ᠶᠢᠨ ᠬᠠᠭᠤᠳᠠᠰᠤ︾ ᠪᠣᠯᠭᠠᠨ | ᠪᠠᠶᠢᠭᠤᠯᠬᠤ ᠬᠡᠷᠡᠭᠲᠡᠢ ᠃ | ᠣᠶᠢᠯᠠᠭᠠᠭᠰᠠᠨ ᠢᠶᠠᠷ᠂ ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ︽ᠬᠠᠮᠲᠤ ᠪᠠᠷ ᠡᠳ᠋ᠯᠡᠬᠦ | ᠰᠢᠭᠦᠬᠦ ᠲᠢᠩᠬᠢᠮ︾ ᠤᠨ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ᠂ ᠡᠶᠡᠳᠡᠭᠦᠯᠬᠦ ᠵᠢᠯᠣᠭᠤᠳᠣᠯᠭ᠎ᠠ ᠬᠢᠬᠦ᠂ | ᠰᠦᠯᠵᠢᠶᠡᠨ ᠳᠡᠭᠡᠷ᠎ᠡ ᠵᠠᠷᠭᠤ ᠬᠢᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠬᠦ᠂ ᠦᠨᠳᠦᠰᠦᠨ ᠱᠠᠲᠤᠨ ᠤ ᠵᠠᠰᠠᠯᠲᠠ ᠬᠢᠬᠦ ᠵᠡᠷᠭᠡ ᠵᠢᠷᠭᠤᠭᠠᠨ ᠶᠡᠭᠡ | ᠡᠭᠦᠷᠭᠡ ᠴᠢᠳᠠᠪᠤᠷᠢ ᠳᠤ ᠲᠦᠰᠢᠭᠯᠡᠨ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠥᠬᠡᠶ᠂ ᠶᠡᠭᠡ ᠶᠠᠪᠤᠳᠠᠯ ᠢ | ᠪᠠᠯᠭᠠᠰᠤ ᠠᠴᠠ ᠭᠠᠷᠭᠠᠬᠤ ᠥᠬᠡᠶ᠂ ᠵᠥᠷᠢᠴᠡᠯ ᠢ ᠳᠡᠭᠡᠭᠰᠢ ᠲᠤᠰᠢᠶᠠᠬᠤ ᠥᠬᠡᠶ︾ ᠦᠨᠳᠦᠰᠦᠨ ᠱᠠᠲᠤᠨ ᠤ | ᠥᠪᠡᠷᠲᠡᠭᠡᠨ ᠵᠠᠰᠠᠬᠤ ᠠᠮᠢ ᠠᠬᠤᠶ ᠶᠢ ᠪᠣᠶ ᠪᠣᠯᠭᠠᠵᠤ᠂ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ︽ᠵᠠᠷᠭᠤ | ᠥᠬᠡᠶ︾ ᠬᠥᠳᠡᠭᠡ ᠲᠣᠰᠬᠤᠨ ᠢ ᠬᠠᠪᠰᠤᠷᠤᠨ ᠪᠥᠲᠥᠭᠡᠨ ᠪᠠᠶᠢᠭᠤᠯᠤᠨ᠎ᠠ᠃ |