ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠭᠦᠸᠧ ᠨᠠᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠰᠦᠩᠱᠠᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/7/20
   7 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠭᠦᠸᠧ ᠨᠠᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ︾ ᠵᠥᠪᠯᠡᠬᠦ ᠰᠡᠳᠦᠪ ᠤᠨ ᠲᠤᠬᠠᠶ ᠰᠦᠩᠱᠠᠨ ᠲᠣᠭᠤᠷᠢᠭ ᠲᠤ ᠭᠦᠨᠵᠡᠭᠡᠶᠢᠷᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠬᠤᠲᠠ᠂ ᠲᠣᠭᠤᠷᠢᠭ ᠤᠨ ᠤᠳᠤᠷᠢᠳᠤᠯᠭ᠎ᠠ ᠬᠠᠨ ᠶᠦᠩ᠂ ᠴᠢᠨ ᠢᠦᠶ ᠬᠤᠤ᠂ ᠹᠦ᠋ ᠴᠢᠶᠠᠩ᠂ ᠯᠢᠶᠠᠩ ᠮᠢᠩ ᠽᠧ᠂ ᠶᠣᠣ ᠰᠢᠤᠸᠠᠢ ᠱᠤ᠋ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠰᠦᠩᠱᠠᠨ ᠤ ᠮᠡᠳᠡᠭᠡ ᠵᠠᠩᠭᠢ ᠶᠢᠨ ᠲᠤᠭᠠᠴᠢᠯᠠᠭᠰᠠᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠵᠦ᠂ ᠵᠥᠩ ᠭᠤᠸᠠᠨ ᠼᠦᠨ ᠤ ᠮᠡᠳᠡᠭᠡ ᠵᠠᠩᠭᠢ ᠶᠢᠨ ᠬᠥᠨᠳᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠬᠦᠷᠢᠶᠡᠯᠡᠩ ᠲᠣᠭᠤᠷᠢᠭ ᠪᠣᠯᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠣᠯᠤᠭᠰᠠᠨ ᠦᠷ᠎ᠡ ᠪᠦᠲᠦᠭᠡᠯ ᠢ ᠨᠠᠷᠢᠨ ᠣᠶᠢᠯᠠᠭᠠᠵᠤ᠂ ᠥᠪᠥᠷ ᠮᠣᠩᠭᠤᠯ ᠤᠨ ᠴᠥᠩ ᠵᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠧᠯᠦ᠋ᠨ ᠡᠯᠧᠺᠲᠷᠣᠨ ᠴᠠᠬᠢᠯᠭᠠᠨ ᠬᠡᠷᠡᠭᠰᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠵᠠᠭᠠᠷᠲᠤ ᠺᠣᠮᠫᠠᠨᠢ᠂ ᠢ ᠯᠠᠨ ᠶᠦᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠦᠸᠧ ᠬᠠᠢ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠭᠤᠣᠯᠯᠠᠬᠤ ᠠᠵᠤ ᠦᠢᠯᠡᠰ ᠢ ᠶᠡᠷᠦᠩᠬᠡᠶᠢᠯᠡᠨ ᠬᠥᠭᠵᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠤᠯᠢᠯᠴᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠰᠦᠩᠱᠠᠨ ᠲᠣᠭᠤᠷᠢᠭ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠰᠢᠨ᠎ᠡ ᠰᠡᠳᠬᠢᠴᠡ ᠲᠠᠢ᠂ ᠪᠣᠳᠠᠲᠠᠢ ᠠᠷᠭ᠎ᠠ ᠬᠡᠮᠵᠢᠶ᠎ᠡ ᠲᠠᠢ᠂ ᠬᠢᠯᠠᠰ ᠴᠡᠭ ᠤᠯᠠᠨ᠂ ᠦᠷ᠎ᠡ ᠪᠦᠲᠦᠮᠵᠢ ᠰᠠᠶᠢᠨ᠂ ᠣᠨᠴᠠᠭᠠᠶᠢᠯᠠᠨ ᠳᠡᠭᠡᠳᠦ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠬᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ ᠳᠠᠷᠠᠭᠠᠴᠢ ᠶᠢᠨ ᠠᠯᠬᠤᠮ ᠳᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠥᠮᠦᠵᠢᠭᠦᠯᠬᠦ ᠠᠵᠢᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾ ᠶᠢ ᠬᠡᠷᠡᠭᠵᠢᠭᠦᠯᠦᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠤ ᠬᠦᠴᠦᠨ ᠲᠡᠭᠦᠯᠳᠡᠷ ᠰᠢᠨ᠎ᠡ ᠬᠥᠳᠡᠯᠭᠡᠬᠦ ᠬᠦᠴᠦᠨ ᠢ ᠦᠷᠭᠦᠯᠵᠢᠯᠡᠨ ᠨᠡᠮᠡᠷᠢᠯᠡᠬᠦ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号