ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨ᠎ᠡ ᠶᠢ ᠡᠭᠦᠳᠬᠦ ᠢᠨᠵᠧᠨᠧᠷᠢᠩ ᠤᠨ ᠴᠢᠬᠤᠯᠠ ᠶᠡᠭᠡ
ᠨᠡᠶᠢᠲᠡᠯᠡᠭᠰᠡᠨ ᠴᠠᠭ᠄
2023/7/20
    7 ᠰᠠᠷ᠎ᠠ ᠶᠢᠨ 14 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨ᠎ᠡ ᠶᠢ ᠡᠭᠦᠳᠬᠦ ᠢᠨᠵᠧᠨᠧᠷᠢᠩ ᠤᠨ ᠴᠢᠬᠤᠯᠠ ᠶᠡᠭᠡ ᠡᠭᠦᠷᠭᠡ ︽ᠲᠦᠬᠦᠭᠡᠷᠦᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠥᠨᠳᠥᠷ ᠪᠦᠲᠦᠮᠵᠢᠲᠡᠢ ᠦᠢᠯᠡᠳᠪᠦᠷᠢᠯᠡᠯ ᠤᠨ ᠮᠡᠷᠭᠡᠵᠢᠯ ᠤᠨ ᠬᠤᠷᠠᠮᠠᠯ ᠪᠠ ᠵᠢᠱᠢᠶ᠎ᠡ ᠦᠵᠡᠭᠦᠯᠬᠦ︾ ᠵᠡᠭᠦᠨ ᠬᠤᠶᠢᠲᠤ ᠣᠷᠣᠨ ᠤ ᠵᠢᠱᠢᠶ᠎ᠡ ᠦᠵᠡᠭᠦᠯᠬᠦ ᠴᠡᠭ ᠤᠨ ᠤᠯᠠᠭᠠᠨᠬᠠᠳᠠ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠳᠤ ᠣᠷᠣᠯᠴᠠᠭᠰᠠᠳ ᠰᠦᠩᠱᠠᠨ ᠲᠣᠭᠤᠷᠢᠭ ᠤᠨ ᠳ᠋ᠠ ᠮᠢᠶᠣᠣ ᠪᠠᠯᠭᠠᠰᠤᠨ ᠤ ᠭᠦᠩᠵᠦ ᠶᠢᠨ ᠳᠠᠪᠠᠭ᠎ᠠ ᠶᠢᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ ᠲᠣᠭᠤᠷᠢᠨ ᠦᠵᠡᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠠᠩ ᠵᠧᠨ ᠬᠠᠢ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠶᠠᠩ ᠯᠢ ᠱᠧᠩ ᠵᠡᠷᠭᠡ ᠤᠳᠤᠷᠢᠳᠤᠯᠭ᠎ᠠ ᠲᠤᠰᠬᠠᠢ ᠮᠡᠷᠭᠡᠵᠢᠯᠲᠡᠨ ᠦᠵᠡᠭᠦᠯᠦᠯᠭᠡ ᠶᠢᠨ ᠬᠤᠷᠠᠯ ᠳᠤ ᠣᠷᠣᠯᠴᠠᠪᠠ︔ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠦ᠋ ᠴᠢᠶᠠᠩ ᠪᠠᠷ᠎ᠠ ᠪᠣᠯᠵᠣ ᠲᠣᠭᠤᠷᠢᠨ ᠦᠵᠡᠪᠡ᠃    ᠦᠵᠡᠭᠦᠯᠦᠯᠭᠡ ᠶᠢᠨ ᠪᠦᠯᠬᠦᠮ ᠤᠨ ᠬᠢᠨ ᠳ᠋ᠡ ᠮᠢᠶᠣᠣ ᠪᠠᠯᠭᠠᠰᠤ ᠶᠢᠨ ᠲᠦᠮᠡᠨ ᠮᠦ ᠵᠤᠨ ᠤ ᠤᠯᠠᠷᠢᠯ ᠤᠨ ᠲᠦᠬᠦᠭᠡᠷᠦᠮᠵᠢᠲᠦ ᠲᠥᠪᠡᠳ ᠬᠠᠰᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠴᠡᠴᠡᠭ ᠬᠤᠸᠠᠷ ᠰᠤᠳᠤᠯᠬᠤ ᠭᠠᠵᠠᠷ ᠵᠡᠷᠭᠡ ᠨᠢᠭᠡᠴᠡ ᠶᠢᠨ ᠬᠠᠩᠭᠠᠭᠰᠠᠨ ᠦᠷ᠎ᠡ ᠶᠢ ᠠᠷᠢᠭᠤᠳᠬᠠᠵᠤ ᠲᠥᠪᠡᠳ ᠬᠠᠰᠢ ᠶᠢᠨ ᠰᠢᠷᠬᠠᠯᠠᠭ᠎ᠠ ᠶᠢᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠡᠰᠢ ᠰᠦᠷᠡᠯ ᠢ ᠢᠯᠵᠢᠷᠡᠭᠦᠯᠦᠨ ᠲᠠᠷᠢᠶᠠᠨ ᠳᠤ ᠣᠷᠣᠭᠤᠯᠬᠤ᠂ ᠲᠦᠬᠦᠭᠡᠷᠦᠮᠵᠢᠲᠦ ᠵᠢᠮᠢᠰ ᠨᠣᠭᠤᠭ᠎ᠠ ᠤᠰᠤ ᠪᠤᠷᠳᠤᠭᠤᠷ ᠢ ᠨᠢᠭᠡ ᠴᠤᠭᠴᠠᠵᠢᠭᠤᠯᠤᠨ ᠨᠠᠷᠢᠯᠢᠭ ᠣᠨᠣᠪᠴᠢᠲᠠᠢ ᠬᠠᠮᠢᠶᠠᠷᠬᠤ ᠵᠡᠷᠭᠡ ᠮᠡᠷᠭᠡᠵᠢᠯ ᠤᠨ ᠬᠡᠷᠡᠭᠯᠡᠭᠡᠨ ᠤ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠳ᠋ᠡ ᠮᠢᠶᠣᠣ ᠪᠠᠯᠭᠠᠰᠤᠨ ᠤ ᠲᠦᠬᠦᠭᠡᠷᠦᠮᠵᠢᠳᠤ ᠲᠠᠷᠢᠶᠠᠯᠠᠩ ᠤᠨ ᠦᠢᠯᠡᠳᠦᠯᠭᠡ ᠶᠢᠨ ᠲᠤᠷᠰᠢᠯᠭ᠎ᠠ᠂ ᠮᠡᠷᠭᠡᠵᠢᠯ ᠤᠨ ᠪᠣᠭᠤᠮᠢ ᠵᠢᠴᠢ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠶᠢᠨ ᠲᠤᠬᠠᠢ ᠭᠦᠨᠵᠡᠭᠡᠢ ᠰᠣᠯᠢᠯᠴᠠᠭ᠎ᠠ ᠪᠠ ᠰᠦᠪᠡᠭᠴᠢᠯᠡᠯᠳᠡ ᠬᠢᠵᠦ᠂ ᠬᠦᠷᠢᠶᠡᠯᠡᠩ ᠲᠣᠭᠤᠷᠢᠭ ᠤᠨ ᠦᠷᠭᠦᠯᠵᠢᠯᠡᠬᠦ ᠬᠥᠭᠵᠢᠯᠲᠡ ᠳᠤ ᠰᠢᠨ᠎ᠡ ᠰᠡᠳᠬᠢᠴᠡ ᠪᠠ ᠰᠢᠨ᠎ᠡ ᠠᠷᠭ᠎ᠠ ᠶᠢ ᠳᠤᠷᠠᠳᠪᠠ᠃    ᠳ᠋ᠠ ᠮᠢᠶᠣᠣ ᠪᠠᠯᠭᠠᠰᠤᠨ ᠤ ᠭᠦᠩᠵᠦ ᠶᠢᠨ ᠳᠠᠪᠠᠭ᠎ᠠ ᠶᠢᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠭᠤᠣᠯᠳᠠᠭᠤ ᠲᠥᠪᠡᠳ ᠬᠠᠰᠢ ᠲᠠᠷᠢᠬᠤ ᠪᠠᠷ ᠭᠤᠣᠯ ᠪᠣᠯᠭᠠᠵᠤ᠂ ᠶᠡᠷᠦᠩᠬᠡᠶᠢᠯᠡᠭᠰᠡᠨ ᠡᠵᠡᠯᠡᠬᠦ ᠲᠠᠯᠠᠪᠠᠶ ᠨᠢ 2.3 ᠲᠦᠮᠡᠨ ᠮᠥ ᠪᠠᠶᠢᠵᠤ᠂ 2007 ᠣᠨ ᠠᠴᠠ ᠡᠬᠢᠯᠡᠨ ᠪᠥᠲᠥᠭᠡᠨ ᠪᠠᠶᠢᠭᠤᠯᠤᠭᠰᠠᠨ ᠠᠴᠠ ᠨᠠᠰᠢ᠂ ᠨᠡᠶᠢᠲᠡ 5.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 5082 ᠨᠡᠷᠡᠨ ᠬᠡᠷᠡᠯ ᠤᠨ ᠬᠦᠯᠡᠮᠵᠢ ᠶᠢ ᠪᠠᠶᠢᠭᠤᠯᠵᠤ᠂ ᠰᠦᠩᠱᠠᠨ ᠲᠣᠭᠤᠷᠢᠭ ᠤᠨ ᠭᠤᠤᠯᠳᠠᠯᠭ᠎ᠠ ᠲᠠᠢ ᠪᠠᠶᠢᠭᠤᠯᠤᠭᠰᠠᠨ ᠬᠡᠪᠴᠢᠶᠡᠵᠢᠭᠰᠡᠨ᠂ ᠡᠷᠴᠢᠮᠵᠢᠭᠰᠡᠨ ᠥᠨᠳᠥᠷ ᠦᠷ᠎ᠡ ᠠᠰᠢᠭ ᠲᠠᠢ ᠬᠤᠤᠰ ᠲᠦᠮᠡᠨ ᠮᠥ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠪᠣᠯᠬᠤ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩ ᠴᠣᠭᠴᠠᠲᠤ ᠲᠠᠯᠠᠪᠠᠶ ᠪᠠᠷ ᠬᠠᠮᠤᠭ ᠤᠨ ᠶᠡᠭᠡ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号