7 ᠰᠠᠷ᠎ᠠ ᠶᠢᠨ 16 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠤᠳᠬ᠎ᠠ ᠵᠣᠬᠢᠶᠠᠯ ᠤᠷᠠᠯᠢᠭ ᠤᠨ ᠬᠢᠨ ᠤ | ᠬᠤᠯᠪᠣᠭᠠᠲᠤ ᠬᠤᠷᠠᠯ ᠤᠨ ᠵᠢᠯᠣᠭᠤᠳᠣᠯᠭ᠎ᠠ ᠳᠤᠤᠷ᠎ᠠ᠂ ᠥᠪᠥᠷ ᠮᠣᠩᠭᠤᠯ ᠤᠨ ᠬᠡᠷᠡᠯ ᠵᠢᠷᠤᠭᠴᠢᠳ ᠤᠨ ᠨᠡᠶᠢᠭᠡᠮᠯᠢᠭ᠂ | ᠤᠯᠠᠭᠠᠨᠬᠠᠳᠠ ᠬᠤᠲᠠ ᠶᠢᠨ ᠤᠳᠬ᠎ᠠ ᠵᠣᠬᠢᠶᠠᠯ ᠤᠷᠠᠯᠢᠭᠴᠢᠳ ᠤᠨ ᠬᠤᠯᠪᠣᠭᠠᠲᠤ ᠬᠤᠷᠠᠯ᠂ ᠤᠯᠠᠭᠠᠨᠬᠠᠳᠠ | ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠰᠦᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠬᠠᠮᠲᠤᠷᠠᠨ ᠡᠷᠭᠢᠯᠡᠭᠰᠡᠨ ︽ᠴᠠᠭ ᠦᠶ᠎ᠡ ᠶᠢᠨ ᠬᠡᠷᠡᠯ ᠵᠢᠷᠤᠭ ᠲᠠᠬᠢ ᠥᠪᠥᠷ ᠮᠣᠩᠭᠤᠯ︾ ᠠᠷᠪᠠᠨ ᠵᠢᠯ ᠤᠨ ᠵᠠᠭᠤᠨ | ᠬᠡᠷᠡᠯ ᠵᠢᠷᠤᠭ ᠤᠨ ᠤᠷᠠᠯᠢᠭ ᠤᠨ ᠰᠣᠳᠣᠨ ᠪᠦᠲᠦᠭᠡᠯ ᠤᠨ ᠦᠵᠡᠰᠬᠦᠯᠡᠩ ᠤᠨ ᠡᠬᠢᠯᠡᠯᠲᠡ ᠶᠢᠨ ᠶᠣᠰᠣᠯᠠᠯ ᠰᠦᠩᠱᠠᠨ | ᠰᠣᠶᠣᠯ ᠦᠵᠡᠰᠬᠦᠯᠡᠩ ᠤᠨ ᠣᠷᠳᠣᠨ ᠳᠤ ᠶᠠᠪᠤᠭᠳᠠᠪᠠ᠃ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠭᠦᠸᠧ ᠬᠤᠸᠠ ᠡᠬᠢᠯᠡᠯᠲᠡ ᠶᠢᠨ ᠶᠣᠰᠣᠯᠠᠯ ᠳᠤ | ᠣᠷᠣᠯᠴᠠᠵᠤ ᠪᠠᠶᠠᠷ ᠤᠨ ᠦᠭᠡ ᠬᠡᠯᠡᠪᠡ᠃ ᠲᠡᠷᠡ ᠡᠩ ᠲᠡᠷᠢᠭᠦᠨ ᠳᠤ ᠥᠪᠥᠷ ᠮᠣᠩᠭᠤᠯ ᠤᠨ ᠬᠡᠷᠡᠯ ᠵᠢᠷᠤᠭᠴᠢᠳ ᠤᠨ | ᠨᠡᠶᠢᠭᠡᠮᠯᠢᠭ ᠪᠠᠶᠢᠭᠤᠯᠤᠭᠳᠠᠭᠰᠠᠨ 60 ᠵᠢᠯ ᠤᠨ ᠣᠶ ᠳᠤ ᠪᠠᠶᠠᠷ ᠬᠦᠷᠭᠡᠭᠰᠡᠨ ᠪᠥᠭᠡᠳ ᠥᠪᠥᠷ ᠮᠣᠩᠭᠤᠯ ᠤᠨ ᠬᠡᠷᠡᠯ | ᠵᠢᠷᠤᠭᠴᠢᠳ ᠤᠨ ᠨᠡᠶᠢᠭᠡᠮᠯᠢᠭ ᠮᠠᠨ ᠤ ᠬᠤᠲᠠ ᠳᠤ ᠠᠩᠬᠠᠨ ᠤ ᠥᠷᠲᠡᠭᠡᠨ ᠤ ᠲᠣᠭᠤᠷᠢᠨ ᠦᠵᠡᠭᠦᠯᠦᠯᠭᠡ ᠶᠢ | ᠡᠷᠭᠢᠯᠡᠬᠦ ᠪᠠᠷ ᠢᠷᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠵᠠᠩ ᠭᠦᠸᠧ | ᠬᠤᠸᠠ ᠵᠢᠭᠠᠵᠤ ᠭᠠᠷᠭᠠᠭᠰᠠᠨ ᠨᠢ᠂ ᠭᠡᠷᠡᠯ ᠵᠢᠷᠤᠭ ᠤᠨ ᠤᠷᠠᠯᠢᠭ ᠪᠣᠯ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ | ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠤᠨ ᠲᠠᠪᠰᠢᠯᠳᠠ ᠶᠢᠨ ᠬᠥᠭᠵᠢᠯᠲᠡ ᠶᠢ ᠭᠡᠷᠡᠴᠢᠯᠡᠵᠦ᠂ | ᠬᠥᠮᠦᠰ ᠤᠨ ᠵᠣᠯ ᠵᠢᠷᠭᠠᠯᠲᠤ ᠠᠮᠢᠳᠤᠷᠠᠯ ᠢ ᠲᠡᠮᠳᠡᠭᠯᠡᠵᠦ᠂ ᠤᠯᠠᠭᠠᠨᠬᠠᠳᠠ ᠬᠤᠳᠠ ᠨᠢ ᠳᠤᠮᠳᠠᠳᠤ ᠶᠢᠨ ᠨᠢᠭᠡᠳᠦᠭᠡᠷ | ᠯᠣᠣ ᠶᠢᠨ ᠨᠤᠲᠤᠭ᠂ ᠬᠤᠩᠱᠠᠨ ᠰᠣᠶᠣᠯ ᠤᠨ ᠨᠡᠷᠡᠶᠢᠳᠦᠯ ᠤᠨ ᠭᠠᠵᠠᠷ᠂ ᠯᠢᠶᠤᠤ ᠶᠢᠨ ᠰᠣᠶᠣᠯ ᠤᠨ ᠬᠥᠭᠵᠢᠯᠲᠡ ᠶᠢᠨ | ᠭᠠᠵᠠᠷ ᠪᠣᠯᠤᠭᠰᠠᠨ ᠤ ᠬᠤᠪᠢ ᠳᠤ᠂ ᠥᠨᠢ ᠤᠳᠠᠭᠠᠨ ᠲᠡᠦᠬᠡ ᠲᠠᠢ᠂ ᠭᠦᠨ ᠵᠤᠵᠠᠭᠠᠨ ᠰᠤᠶᠤᠯ ᠤᠨ ᠰᠤᠷᠪᠤᠯᠵᠢ | ᠲᠠᠢ ᠪᠠᠶᠢᠵᠤ᠂ ᠳᠡᠯᠡᠬᠡᠢ ᠶᠢᠨ ᠡᠯ᠎ᠡ ᠭᠠᠵᠠᠷ ᠤᠨ ᠤᠳᠬ᠎ᠠ ᠤᠷᠠᠯᠢᠭ ᠲᠤ ᠪᠠᠭ᠋ᠠᠲᠠᠢ ᠬᠥᠮᠦᠰ ᠤᠨ ᠰᠣᠨᠢᠷᠬᠠᠯ ᠢ | ᠲᠠᠲᠠᠵᠤ᠂ ᠵᠣᠬᠢᠶᠠᠨ ᠪᠦᠲᠦᠭᠡᠯᠭᠡ ᠶᠢᠨ ᠠᠪᠢᠶᠠᠰ ᠪᠢᠯᠢᠭ ᠢ ᠬᠥᠭᠵᠢᠭᠡᠭᠰᠡᠨ ᠪᠠᠶᠢᠨ᠎ᠠ᠃ ᠲᠣᠰ ᠤᠳᠠᠭᠠᠨ ᠤ ᠬᠡᠷᠡᠯ | ᠵᠢᠷᠤᠭ ᠤᠨ ᠦᠵᠡᠰᠬᠦᠯᠡᠩ ᠨᠢ ᠨᠠᠩ ᠣᠯᠠᠨ ᠬᠡᠷᠡᠯ ᠵᠢᠷᠤᠭ ᠤᠨ ᠤᠷᠠᠯᠢᠭᠴᠢᠳ ᠢ ᠤᠯᠠᠭᠠᠨᠬᠠᠳᠠ ᠳᠤ ᠲᠡᠳᠡᠨ | ᠠᠪᠴᠢᠷᠠᠵᠤ᠂ ᠤᠯᠠᠭᠠᠨᠬᠠᠳᠠ ᠶᠢᠨ ᠰᠣᠶᠣᠯ ᠤᠨ ᠭᠤᠸ᠎ᠠ ᠰᠠᠶᠢᠬᠠᠨ᠂ ᠭᠠᠵᠠᠷ ᠣᠷᠣᠨ ᠤ ᠭᠤᠸ᠎ᠠ ᠰᠠᠶᠢᠬᠠᠨ ᠢ | ᠭᠦᠨᠵᠡᠭᠡᠶ ᠠᠭᠤᠳᠠᠯᠤᠨ᠂ ᠤᠯᠠᠭᠠᠨᠬᠠᠳᠠ ᠶᠢᠨ ᠪᠠᠶᠢᠭᠠᠯᠢ ᠶᠢᠨ ᠥᠩᠭᠡ ᠦᠵᠡᠮᠵᠢ ᠪᠠ ᠬᠥᠮᠦᠨ ᠰᠣᠶᠣᠯ ᠤᠨ ᠷᠢᠳᠢ | ᠰᠢᠳᠢ ᠶᠢ ᠤᠯᠠᠮ ᠨᠢᠭᠡ ᠠᠯᠬᠤᠮ ᠤᠬᠠᠭᠤᠯᠤᠨ ᠲᠠᠨᠢᠯᠴᠠᠭᠤᠯᠵᠤ᠂ ᠤᠯᠠᠭᠠᠨᠬᠠᠳᠠ ᠶᠢᠨ ᠠᠵᠤ ᠠᠬᠤᠶ ᠨᠡᠶᠢᠭᠡᠮ ᠪᠠ | ᠰᠣᠶᠣᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠨᠢ ᠯᠠᠪᠲᠠᠶ ᠶᠤᠮ᠃ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠶᠠᠨ ᠹᠦ᠋ ᠡᠬᠢᠯᠡᠯᠲᠡ ᠶᠢᠨ ᠶᠣᠰᠣᠯᠠᠯ ᠢ | ᠡᠷᠬᠢᠯᠡᠪᠡ᠃ | ᠡᠬᠢᠯᠡᠯᠲᠡ ᠶᠢᠨ ᠶᠣᠰᠣᠯᠠᠯ ᠲᠡᠭᠦᠰᠦᠭᠰᠡᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠦᠵᠡᠭᠦᠯᠦᠯᠭᠡ ᠶᠢᠨ | ᠲᠢᠩᠬᠢᠮ ᠳᠤ ᠬᠦᠷᠴᠦ ᠪᠦᠲᠦᠭᠡᠯ ᠤᠨ ᠦᠵᠡᠭᠦᠯᠦᠯᠭᠡ ᠶᠢ ᠲᠣᠭᠤᠷᠢᠨ ᠦᠵᠡᠪᠡ᠃ | ᠲᠣᠰ ᠤᠳᠠᠭᠠᠨ ᠤ ᠬᠡᠷᠡᠯ ᠵᠢᠷᠤᠭ ᠤᠨ ᠦᠵᠡᠭᠦᠯᠦᠯᠭᠡ ᠶᠢ ︽ᠥᠪᠥᠷ ᠮᠣᠩᠭᠤᠯ ᠢ ᠬᠥᠭᠵᠢᠭᠦᠯᠬᠦ︾᠂ ︽ᠠᠮᠢ | ᠠᠬᠤᠶ ᠶᠢᠨ ᠥᠪᠥᠷ ᠮᠣᠩᠭᠤᠯ︾᠂ ︽ᠪᠣᠯᠪᠠᠰᠤᠨ ᠥᠪᠥᠷ ᠮᠣᠩᠭᠤᠯ︾ ᠭᠡᠵᠦ 3 ᠪᠦᠯᠦᠭ ᠬᠤᠪᠢᠶᠠᠵᠤ᠂ | ᠥᠪᠡᠷᠲᠡᠭᠡᠨ ᠵᠠᠰᠠᠬᠤ ᠣᠷᠣᠨ ᠤ ᠬᠡᠷᠡᠯ ᠵᠢᠷᠤᠭᠴᠢᠳ ᠤᠨ 112 ᠰᠢᠯᠢᠳᠡᠭ ᠪᠦᠲᠦᠭᠡᠯ ᠢ ᠲᠥᠪᠯᠡᠷᠡᠭᠦᠯᠦᠨ ᠳᠡᠯᠭᠡᠨ | ᠦᠵᠡᠭᠦᠯᠵᠦ᠂ ᠬᠡᠷᠡᠯ ᠵᠢᠷᠤᠭᠴᠢᠳ ᠤᠨ ᠰᠦᠭ ᠰᠦᠨᠡᠰᠦ ᠶᠢ ᠱᠤᠭᠤᠵᠤ᠂ ᠰᠢᠨ᠎ᠡ ᠶᠢ ᠡᠭᠦᠳᠬᠦ ᠤᠷᠠᠯᠢᠭ ᠤᠨ | ᠬᠥᠭᠡᠭᠡᠴᠡᠯᠳᠦᠯ ᠢ ᠢᠯᠡᠷᠡᠭᠦᠯᠵᠦ᠂ ᠥᠪᠥᠷ ᠮᠣᠩᠭᠤᠯ ᠤᠨ ᠴᠤᠭ ᠪᠠᠳᠠᠷᠠᠩᠭᠤᠶ ᠥᠭᠡᠳᠡᠯᠡᠨ ᠳᠠᠪᠰᠢᠬᠤ᠂ ᠠᠴᠢ | ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ ᠲᠦᠭ ᠲᠦᠮᠡᠨ ᠠᠭᠤᠷ ᠠᠮᠢᠰᠬᠤᠯ ᠢ ᠢᠯᠡᠷᠡᠭᠦᠯᠪᠡ᠃ |