︽ᠬᠥᠳᠡᠭᠡ ᠨᠤᠲᠤᠭ ᠠᠭᠤᠯᠠ ᠤᠰᠤ ᠲᠠᠢ ᠪᠠᠨ ᠤᠴᠠᠷᠠᠨ ᠦᠵᠡᠰᠬᠦᠯᠡᠩᠲᠦ ᠰᠠᠶᠢᠬᠠᠨ ᠰᠦᠩᠱᠠᠨ ᠤ ᠬᠦᠰᠡᠯᠡᠩ ᠢᠶᠠᠨ ᠪᠡᠶᠡᠯᠡᠭᠦᠯᠦᠶ᠎ᠡ︾ ᠠᠭᠤᠳᠠᠮ ᠲᠠᠯᠠᠪᠠᠢ ᠶᠢᠨ ᠰᠢᠷᠢᠰ ᠰᠣᠶᠣᠯ ᠤᠨ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/7/20
   7 ᠰᠠᠷ᠎ᠠ ᠶᠢᠨ 18 ᠤ ᠣᠷᠣᠶ᠂ ᠰᠦᠩᠱᠠᠨ ᠲᠣᠭᠤᠷᠢᠭ ︽ᠬᠥᠳᠡᠭᠡ ᠨᠤᠲᠤᠭ ᠠᠭᠤᠯᠠ ᠤᠰᠤ ᠲᠠᠢ ᠪᠠᠨ ᠤᠴᠠᠷᠠᠨ ᠦᠵᠡᠰᠬᠦᠯᠡᠩᠲᠦ ᠰᠠᠶᠢᠬᠠᠨ ᠰᠦᠩᠱᠠᠨ ᠤ ᠬᠦᠰᠡᠯᠡᠩ ᠢᠶᠠᠨ ᠪᠡᠶᠡᠯᠡᠭᠦᠯᠦᠶ᠎ᠡ︾ ᠠᠭᠤᠳᠠᠮ ᠲᠠᠯᠠᠪᠠᠢ ᠶᠢᠨ ᠰᠢᠷᠢᠰ ᠰᠣᠶᠣᠯ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠲᠣᠭᠤᠷᠢᠭ ᠤᠨ ᠤᠳᠤᠷᠢᠳᠤᠯᠭ᠎ᠠ ᠰᠦᠩ ᠳ᠋ᠡ ᠹᠦ᠋᠂ ᠱᠢ ᠵᠢᠶᠠᠨ ᠪᠢᠨ᠂ ᠢᠦᠢ ᠬᠤᠸᠠ ᠶᠠᠨ᠂ ᠶᠣᠣ ᠰᠢᠤᠸᠠᠢ ᠱᠤ᠋ ᠶᠣᠰᠣᠯᠠᠯ ᠳᠤ ᠣᠷᠣᠯᠴᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠰᠦᠩ ᠳ᠋ᠠ ᠹᠦ᠋ ᠠᠭᠤᠳᠠᠮ ᠲᠠᠯᠠᠪᠠᠢ ᠶᠢᠨ ᠰᠢᠷᠢᠰ ᠰᠣᠶᠣᠯ ᠤᠨ ᠠᠵᠢᠯᠯᠠᠭ᠎ᠠ ᠡᠬᠢᠯᠡᠭᠰᠡᠨ ᠢ ᠵᠠᠷᠯᠠᠪᠠ᠃    ᠢᠦᠶ ᠬᠤᠸᠠ ᠶᠠᠨ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠰᠦᠩᠱᠠᠨ ᠲᠣᠭᠤᠷᠢᠭ ᠤᠨ ᠬᠢᠨ ᠰᠣᠶᠣᠯ ᠤᠨ ᠨᠡᠷ᠎ᠡ ᠶᠢᠨ ᠬᠠᠭᠤᠳᠠᠰᠤ ᠪᠠᠨ ᠨᠠᠷᠢᠨ ᠨᠢᠮᠪᠠᠶ ᠵᠣᠬᠢᠶᠠᠵᠤ᠂ ᠰᠢᠷᠢᠰ ᠰᠣᠶᠣᠯ ᠤᠨ ᠠᠵᠢᠯᠯᠠᠭ᠎ᠠ ᠶᠢᠨ ᠨᠡᠷᠡᠲᠦ ᠲᠡᠮᠳᠡᠭ ᠢ ᠭᠠᠷᠭᠠᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ ᠬᠥᠭᠵᠢᠭᠦᠯᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠳᠠ ᠦᠭᠡᠢ ᠬᠠᠩᠭᠠᠵᠤ᠂ ᠨᠡᠩ ᠤᠯᠠᠨ ᠤᠯᠠᠨ ᠲᠦᠮᠡᠨ ᠳᠤ ᠰᠣᠶᠣᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠴᠢᠷᠮᠠᠶᠢᠨ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃    ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ᠂ ᠲᠤᠰᠬᠠᠢ ᠤᠷᠠᠨ ᠰᠠᠶᠢᠬᠠᠨ ᠤ ᠦᠳᠡᠰᠢᠯᠡᠭᠡ ᠡᠬᠢᠯᠡᠵᠦ ᠂ ᠪᠠᠶᠠᠯᠢᠭ ᠰᠠᠶᠢᠬᠠᠨ ᠲᠣᠭᠯᠠᠯᠲᠠ ᠪᠠᠷ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠨᠢᠭᠡ ᠤᠳᠠᠭᠠᠨ ᠤ ᠦᠪᠡᠳᠡᠭᠰᠢ ᠳᠠᠶᠢᠯᠠᠯᠭ᠎ᠠ ᠳᠡᠪᠰᠢᠭᠦᠯᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号