2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠰᠦᠩᠱᠠᠨ ᠲᠣᠭᠤᠷᠢᠭ ᠲᠤ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/7/28
     7 ᠰᠠᠷ᠎ᠠ ᠶᠢᠨ 24 ᠤ ᠦᠳᠡ ᠶᠢᠨ ᠬᠤᠶᠢᠨ᠎ᠠ᠂ 2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠰᠦᠩᠱᠠᠨ ᠲᠣᠭᠤᠷᠢᠭ ᠲᠤ ᠲᠡᠭᠦᠰ ᠠᠮᠵᠢᠯᠲᠠ ᠲᠠᠢ ᠥᠨᠳᠥᠷᠯᠡᠪᠡ᠃    ᠶᠠᠷᠢᠶᠠᠨ ᠤ ᠲᠠᠪᠴᠠᠩ ᠢ ᠳᠤᠮᠳᠠᠳᠤ ᠤᠯᠤᠰ ᠤᠨ ᠪᠠᠭᠰᠢ ᠶᠢᠨ ᠰᠣᠨᠢᠨ᠂ ᠰᠦᠩᠱᠠᠨ ᠲᠣᠭᠤᠷᠢᠭ ᠤᠨ ᠰᠤᠷᠭᠠᠨ ᠬᠥᠮᠦᠵᠢᠯ ᠤᠨ  ᠲᠤᠪᠴᠢᠶ᠎ᠠ ᠠᠴᠠ ᠬᠠᠮᠲᠤᠷᠠᠨ ᠡᠷᠬᠢᠯᠡᠪᠡ᠃ ᠬᠤᠷᠠᠯ ᠳᠤ ᠣᠷᠣᠯᠴᠠᠭᠰᠠᠳ ︽ᠰᠤᠷᠭᠠᠭᠤᠯᠢ ᠶᠢᠨ ᠴᠢᠭᠯᠡᠯ ᠤᠨ ᠬᠤᠪᠢᠷᠠᠯᠲᠠ︾᠂ ︽ᠲᠡᠷᠡ ᠬᠦ ᠭᠠᠵᠠᠷ ᠪᠣᠯᠭᠠᠨ ᠳᠤ ᠦᠢᠯᠡᠳᠬᠦᠨ ᠪᠥᠬᠦᠶ ᠬᠥᠳᠡᠭᠡ ᠲᠣᠰᠬᠤᠨ ᠤ ᠪᠠᠭ᠎ᠠ ᠰᠤᠷᠭᠠᠭᠤᠯᠢ︾᠂ ︽ᠣᠷᠣᠨ ᠪᠦᠰᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠥᠪᠡᠭᠴᠢᠯᠡᠯᠲᠡ ᠪᠠ ᠦᠢᠯᠡᠳᠦᠯᠭᠡ︾᠂ ︽ᠲᠠᠨᠢᠨ ᠮᠡᠳᠡᠬᠦᠶ ᠶᠢᠨ ᠪᠤᠰᠤ ᠴᠢᠳᠠᠪᠤᠷᠢ ᠠᠴᠠ ᠬᠡᠯᠡ ᠪᠢᠴᠢᠭ ᠤᠨ ᠰᠤᠷᠭᠠᠨ ᠬᠥᠮᠦᠵᠢᠯ ᠤᠨ ᠲᠤᠬᠠᠶ ᠶᠠᠷᠢᠶ᠎ᠠ︾ ᠵᠡᠷᠭᠡ ᠲᠤᠰᠬᠠᠶ ᠰᠡᠳᠦᠪᠲᠦ ᠲᠠᠶᠢᠯᠤᠮᠵᠢ ᠶᠢ ᠰᠣᠨᠣᠰᠤᠭᠰᠠᠨ ᠪᠥᠭᠡᠳ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠵᠡᠷᠭᠡ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠳᠤᠭᠤᠶᠢᠯᠠᠩ ᠬᠤᠪᠢᠶᠠᠨ ᠶᠠᠷᠢᠯᠴᠠᠵᠤ ᠶᠠᠷᠢᠶ᠎ᠠ ᠲᠠᠯᠪᠢᠪᠠ᠃    ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠤᠨ ᠬᠢᠨ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠬᠦ ᠴᠢᠳᠠᠪᠬᠢ ᠶᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号