7 ᠰᠠᠷ᠎ᠠ ᠶᠢᠨ 21 ᠤ ᠡᠳᠦᠷ ᠤᠨ ᠥᠷᠯᠥᠭᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠬᠤᠲᠠ ᠶᠢᠨ ᠶᠠᠪᠤᠳᠠᠯ ᠤᠨ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ | ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠰᠦᠩ ᠳ᠋ᠡ ᠹᠦ᠋᠂ ᠯᠢ | ᠰᠢᠶᠠᠨ ᠹᠦ᠋ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠵᠦᠩ ᠴᠢᠩ ᠰᠦᠩ ᠨᠡᠷ ᠤᠷᠢᠳ ᠬᠤᠵᠢᠳ ᠱᠢ ᠪᠥᠸᠧ ᠶᠤᠸᠠᠨ᠂ ᠬᠤᠸᠠᠩ ᠵᠢᠶᠠ ᠳ᠋ᠢ ᠶᠤᠸᠠᠨ ᠰᠠᠭᠤᠭᠠᠯᠢ | ᠲᠣᠭᠤᠷᠢᠭ᠂ ᠴᠡᠪᠡᠷ ᠵᠠᠩ ᠦᠢᠯᠡ ᠶᠢᠨ ᠬᠦᠷᠢᠶᠡᠯᠡᠩ᠂ ᠬᠢᠩᠭᠠᠨ ᠤ ᠡᠮᠦᠨ᠎ᠡ ᠬᠤᠷᠮᠣᠢ ᠶᠢᠨ ᠤᠷᠭᠤᠮᠠᠯ ᠤᠨ | ᠬᠦᠷᠢᠶᠡᠯᠡᠩ᠂ ᠱᠦᠢ ᠰᠢᠶᠧ ᠬᠤᠸᠠ ᠳ᠋ᠦ᠋ ᠰᠠᠭᠤᠭᠠᠯᠢ ᠲᠣᠭᠤᠷᠢᠭ ᠵᠡᠷᠭᠡ ᠭᠠᠵᠠᠷ ᠲᠤ ᠬᠦᠷᠴᠦ᠂ ᠴᠡᠴᠡᠷᠯᠢᠭ ᠤᠨ | ᠤᠰᠤᠨ ᠰᠢᠰᠲ᠋ᠧᠮ ᠤᠨ ᠥᠭᠡᠷᠡᠴᠢᠯᠡᠯᠲᠡ᠂ ᠤᠶᠤᠨᠲᠤ ᠲᠡᠷᠭᠡᠨ ᠵᠣᠭᠰᠣᠭᠠᠯ ᠤᠨ ᠪᠦᠳᠦᠭᠡᠨ ᠪᠠᠶᠢᠭᠤᠯᠤᠯᠲᠠ ᠵᠢᠴᠢ | ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠪᠠᠷᠢᠯᠭ᠎ᠠ ᠶᠢᠨ ᠶᠠᠰᠤ ᠴᠢᠨᠠᠷ ᠪᠣᠯᠤᠨ ᠠᠬᠢᠴᠠ ᠶᠢ | ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃ | ᠵᠦᠩ ᠴᠢᠩ ᠰᠦᠩ ᠴᠢᠬᠤᠯᠠᠴᠢᠯᠠᠭᠰᠠᠨ ᠨᠢ᠂ ᠢᠨᠵᠧᠨᠧᠷᠢᠩ ᠢ ᠠᠬᠢᠭᠤᠯᠬᠤ ᠶᠠᠪᠤᠴᠠ ᠳᠤ᠂ ᠬᠢᠨᠠᠯᠲᠠ | ᠪᠠᠶᠢᠴᠠᠭᠠᠯᠲᠠ ᠪᠠᠨ ᠴᠢᠩᠭᠠᠳᠬᠠᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠪᠣᠭᠤᠮᠲᠠ᠂ ᠢᠨᠵᠧᠨᠧᠷᠢᠩ ᠢ ᠰᠢᠯᠭᠠᠨ | ᠠᠪᠬᠤ ᠪᠣᠭᠤᠮᠲᠠ ᠶᠢ ᠰᠠᠶᠢᠲᠤᠷ ᠰᠠᠬᠢᠵᠤ᠂ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ ᠴᠢᠩᠭ᠎ᠠ | ᠵᠢᠷᠤᠮᠯᠠᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠬᠢᠵᠦ᠂ ᠢᠨᠵᠧᠨᠧᠷᠢᠩ ᠤᠨ ᠶᠠᠰᠤ ᠴᠢᠨᠠᠷ ᠢ ᠪᠠᠲᠤᠯᠠᠵᠤ᠂ | ᠢᠨᠵᠧᠨᠧᠷᠢᠩ ᠢ ᠰᠣᠳᠣᠨ ᠢᠨᠵᠧᠨᠧᠷᠢᠩ᠂ ᠰᠠᠨᠠᠭ᠎ᠠ ᠠᠮᠤᠷ ᠢᠨᠵᠧᠨᠧᠷᠢᠩ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ | ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ᠠᠮᠤᠷ ᠲᠦᠪᠰᠢᠨ ᠢ | ᠪᠠᠲᠤᠯᠠᠭᠰᠠᠨ ᠤᠷᠢᠲᠠᠯ ᠳᠣᠣᠷ᠎ᠠ᠂ ᠠᠵᠢᠯ ᠤᠨ ᠬᠦᠴᠦᠨ ᠢᠶᠠᠨ ᠨᠢᠭᠡᠳᠦᠯᠲᠡᠶ ᠲᠥᠯᠥᠪᠯᠡᠨ᠂ ᠪᠠᠷᠢᠯᠭ᠎ᠠ ᠶᠢᠨ | ᠠᠬᠢᠴᠠ ᠪᠠᠨ ᠲᠦᠷᠭᠡᠳᠬᠡᠵᠦ᠂ ᠪᠠᠷᠢᠯᠭ᠎ᠠ ᠶᠢᠨ ᠪᠦᠲᠦᠭᠡᠨ ᠪᠠᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ | ᠂ ᠪᠦᠲᠦᠭᠡᠨ ᠪᠠᠢᠭᠤᠯᠤᠯᠲᠠ ᠶᠢᠨ ᠲᠦᠷᠦᠯ ᠵᠦᠢᠯ ᠢ ᠲᠥᠯᠥᠪᠯᠡᠭᠡ ᠶᠣᠰᠣᠭᠠᠷ ᠤᠷᠤᠭᠰᠢᠲᠠᠶ ᠠᠬᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠶ᠃ ᠣᠶᠤᠨᠴᠢ ᠪᠠᠷ ᠲᠡᠷᠭᠡ ᠵᠣᠭᠰᠣᠭᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠲᠡᠷᠭᠡ ᠵᠣᠭᠰᠣᠭᠠᠬᠤ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠪᠣᠯᠪᠠᠰᠤᠨ ᠢᠶᠠᠷ ᠲᠡᠷᠭᠡ | ᠵᠣᠭᠰᠣᠭᠠᠬᠤ ᠤᠬᠠᠭᠤᠯᠭ᠎ᠠ ᠶᠢ ᠴᠢᠩᠭᠠᠳᠬᠠᠵᠤ᠂ ᠥᠷᠭᠡᠨ ᠣᠯᠠᠨ ᠠᠷᠠᠳ ᠲᠦᠮᠡᠨ ᠳᠤ ᠰᠠᠭᠠᠳ ᠥᠬᠡᠶ ᠨᠡᠪᠲᠡᠷᠡᠬᠦ᠂ | ᠳᠥᠭᠦᠮ ᠳᠥᠲᠡ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠶ᠃ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠬᠦ ᠡᠷᠴᠢᠮ ᠢ ᠴᠢᠩᠭᠠᠷᠠᠭᠤᠯᠵᠤ᠂ ᠡᠪᠳᠡᠷᠡᠵᠦ ᠰᠦᠢᠳᠦᠭᠰᠡᠨ | ᠵᠠᠮ ᠤᠨ ᠭᠠᠳᠠᠷᠭᠤ ᠶᠢ ᠰᠡᠯᠪᠢᠨ ᠵᠠᠰᠠᠬᠤ᠂ ᠲᠡᠷᠭᠡ ᠵᠣᠭᠰᠣᠬᠤ ᠪᠠᠶᠢᠷᠢ ᠶᠢ ᠲᠥᠯᠥᠪᠵᠢᠭᠦᠯᠬᠦ᠂ ᠤᠯᠠᠨ ᠨᠡᠶᠢᠲᠡ ᠶᠢᠨ | ᠡᠮᠬᠢ ᠳᠢᠭᠯᠢᠮ ᠢ ᠬᠠᠮᠠᠭᠠᠯᠠᠬᠤ ᠵᠡᠷᠭᠡ ᠲᠠᠯ᠎ᠠ ᠪᠠᠷ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠥᠷᠨᠢᠭᠦᠯᠵᠦ᠂ | ᠬᠠᠮᠢᠶᠠᠷᠤᠯᠲᠠ ᠪᠣᠯᠤᠨ ᠦᠢᠯᠡᠴᠢᠯᠡᠭᠡ ᠶᠢ ᠪᠦᠬᠦ ᠲᠠᠯ᠎ᠠ ᠪᠠᠷ ᠴᠢᠩᠭᠠᠳᠬᠠᠵᠤ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ | ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ᠃ |