ᠰᠦᠩᠱᠠᠨ ᠲᠤᠭᠤᠷᠢᠭ ᠤᠨ ᠰᠢᠶᠠᠩ ᠶᠠᠩ ᠵᠡᠭᠡᠯᠢ ᠭᠤᠳᠤᠮᠵᠢ᠄ ᠣᠶᠤᠨ ᠤᠬᠠᠭᠠᠨ ᠤ ︽ᠬᠤᠪᠢᠰᠬᠠᠯ ᠤᠨ ᠲᠤᠤᠷᠵᠢᠯ︾ ᠢ ᠪᠣᠶ ᠪᠣᠯᠭᠠᠵᠤ ᠦᠨᠳᠦᠰᠦᠨ ᠱᠠᠲᠤᠨ ᠤ ︽ᠪᠢᠴᠢᠯ ᠵᠠᠰᠠᠯᠲᠠ︾ ᠳᠤ ᠴᠢᠳᠠᠪᠤᠷᠢ ᠣᠯᠭᠤᠨ᠎ᠠ
ᠨᠡᠶᠢᠲᠡᠯᠡᠭᠰᠡᠨ ᠴᠠᠭ᠄
2023/7/6
    7 ᠰᠠᠷ᠎ᠠ ᠶᠢᠨ 5 ᠤ ᠦᠳᠡ ᠶᠢᠨ ᠡᠮᠦᠨ᠎ᠡ᠂ ᠰᠦᠩᠱᠠᠨ ᠲᠤᠭᠤᠷᠢᠭ ᠤᠨ ᠰᠢᠶᠠᠩ ᠶᠠᠩ ᠵᠡᠭᠡᠯᠢ ᠭᠤᠳᠤᠮᠵᠢ ᠬᠤᠪᠢᠰᠬᠠᠯ ᠤᠨ ᠲᠤᠤᠷᠵᠢᠯ ᠤᠨ ᠵᠠᠰᠠᠯᠲᠠ ᠶᠢᠨ ᠦᠢᠯᠡᠴᠢᠯᠡᠭᠡᠨ ᠤ ᠠᠵᠢᠯ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃    ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠶᠠᠩ ᠯᠢ ᠬᠥᠩ ᠠᠵᠢᠯᠯᠠᠭ᠎ᠠ ᠳᠤ ᠣᠷᠣᠯᠴᠠᠭᠰᠠᠨ ᠪᠥᠭᠡᠳ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠨᠢᠭᠡᠳᠬᠡᠵᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠲᠤᠤᠷᠵᠢᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠬᠢᠬᠦ ᠬᠡᠷᠡᠭᠲᠡᠶ᠃ ︽ᠭᠤᠷᠪᠠ ᠶᠢ ᠵᠠᠪᠠᠯ ᠬᠦᠷᠬᠦ︾ ᠪᠠ ︽ᠲᠠᠪᠤ ᠶᠢ ᠵᠠᠪᠠᠯ ᠰᠤᠷᠪᠤᠯᠵᠢᠯᠠᠬᠤ︾ ᠳᠦᠷᠢᠮ ᠢ ᠨᠠᠶᠢᠳᠠᠪᠤᠷᠢᠵᠢᠭᠤᠯᠵᠤ᠂ ︽ᠪᠠᠭ᠎ᠠ ᠲᠣᠣᠷᠵᠢᠯ︾ ᠤᠨ ᠶᠡᠭᠡ ᠦᠢᠯᠡᠳᠦᠯ ᠢ ᠪᠠᠳᠠᠷᠠᠭᠤᠯᠬᠤ ᠬᠡᠷᠡᠭᠲᠡᠢ︔ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤᠪᠠᠷ ᠵᠥᠪᠯᠡᠵᠦ᠂ ᠦᠨᠳᠦᠰᠦᠨ ᠱᠠᠲᠤᠨ ᠤ ᠠᠷᠠᠳᠴᠢᠯᠠᠯ ᠤᠨ ᠬᠦᠴᠦᠨ ᠢ ᠨᠢᠭᠲᠠᠷᠠᠭᠤᠯᠵᠤ᠂ ︽ᠪᠠᠭ᠎ᠠ ᠶᠠᠪᠤᠳᠠᠯ ᠢ ᠲᠤᠤᠷᠵᠢᠯ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠨᠡᠶᠢᠭᠡᠮ ᠲᠣᠭᠤᠷᠢᠭ ᠠᠴᠠ ᠭᠠᠷᠭᠠᠬᠤ ᠦᠭᠡᠢ᠂ ᠬᠦᠴᠢᠷ ᠶᠠᠪᠤᠳᠠᠯ ᠢ ᠵᠡᠭᠡᠯᠢ ᠭᠤᠳᠤᠮᠵᠢ ᠠᠴᠠ ᠭᠠᠷᠭᠠᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ︔ ᠭᠤᠣᠯᠳᠠᠯᠭ᠎ᠠ ᠶᠢ ᠳᠤᠪᠤᠶᠢᠯᠭᠠᠵᠤ᠂ ᠦᠷ᠎ᠡ ᠪᠦᠲᠦᠮᠵᠢ ᠶᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠥᠪᠡᠷᠲᠡᠭᠡᠨ ᠵᠠᠰᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠡᠩ ᠤᠯᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠲᠤᠤᠷᠵᠢᠯ ᠤᠨ ᠦᠢᠯᠡᠴᠢᠯᠡᠭᠡᠨ ᠤ ᠡᠩᠨᠡᠭᠡ ᠳᠤ ᠣᠷᠣᠭᠤᠯᠵᠤ᠂ ︽ᠨᠢᠭᠡ ᠬᠥᠯᠭᠡ ᠰᠢᠳᠠᠷ᠎ᠠ︾ ᠶᠢ ᠵᠠᠰᠠᠬᠤ᠂ ᠦᠢᠯᠡᠴᠢᠯᠡᠭᠡ ᠶᠢ ︽ᠥᠴᠦᠬᠡᠨ ᠴᠦ ᠵᠠᠶᠢᠳᠠᠭᠤᠯᠬᠤ ᠦᠭᠡᠢ︾ ᠪᠣᠯᠭᠠᠬᠤ ᠦᠷ᠎ᠡ ᠪᠦᠲᠦᠮᠵᠢ ᠳᠤ ᠬᠦᠷᠭᠡᠬᠦ ᠬᠡᠷᠡᠭᠲᠡᠢ᠃    ᠠᠵᠢᠯᠯᠠᠭ᠎ᠠ ᠶᠢᠨ ᠳᠤᠮᠳᠠ᠂ ᠰᠢᠶᠠᠩ ᠶᠠᠩ ᠵᠡᠭᠡᠯᠢ ᠭᠤᠳᠤᠮᠵᠢ ᠶᠢᠨ ᠬᠢᠨ 15 ᠨᠡᠶᠢᠭᠡᠮ ᠲᠣᠭᠤᠷᠢᠭ ᠤᠨ ᠲᠤᠤᠷᠵᠢᠯ ᠤᠨ ᠠᠵᠢᠯᠲᠠᠨ ᠳᠤ ︽ᠰᠢᠯᠢᠳᠡᠭ ᠬᠤᠪᠢᠰᠬᠠᠯ ᠤᠨ ᠲᠤᠤᠷᠵᠢᠯ ᠤᠨ ᠠᠵᠢᠯᠲᠠᠨ︾ ᠤ ᠢᠷᠠᠭᠤ ᠠᠯᠳᠠᠷ ᠤᠨ ᠱᠠᠩᠨᠠᠯ ᠤᠨ ᠬᠤᠨᠳᠠᠭ᠎ᠠ ᠪᠠ ᠦᠨᠡᠮᠯᠡᠯ ᠣᠯᠭᠤᠭᠰᠠᠨ ᠪᠥᠭᠡᠳ ᠨᠡᠶᠢᠲᠡ ᠶᠢᠨ ᠠᠰᠠᠷᠠᠮᠵᠢ ᠶᠢᠨ ᠴᠤᠭᠯᠠᠭᠠᠨ ᠤ ᠠᠵᠢᠯᠯᠠᠭ᠎ᠠ ᠥᠷᠨᠢᠭᠦᠯᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号