ᠰᠦᠩᠱᠠᠨ ᠲᠣᠭᠤᠷᠢᠭ ᠤᠯᠤᠰ ᠤᠨ ᠳᠡᠰ ᠤᠨ ᠦᠷ᠎ᠡ ᠪᠤᠶᠢᠵᠢᠭᠤᠯᠬᠤ ᠲᠤᠮᠤ ᠰᠢᠶᠠᠨ ᠤ ᠰᠠᠶᠢᠨ ᠦᠷ᠎ᠡ | ᠪᠤᠶᠢᠵᠢᠭᠤᠯᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ᠂ ︽ᠡᠷᠳᠡᠨᠢ ᠰᠢᠰᠢ ᠶᠢᠨ | ᠦᠷ᠎ᠡ ᠪᠤᠶᠢᠵᠢᠭᠤᠯᠬᠤ ᠲᠤᠮᠤ ᠰᠢᠶᠠᠨ ᠤ ᠬᠥᠭᠵᠢᠯᠲᠡ ᠶᠢᠨ ᠲᠥᠯᠥᠪᠵᠢᠭᠦᠯᠭᠡ ︵2023 — 2027︶︾ | ᠪᠣᠯᠤᠨ ︽2023 ᠣᠨ ᠤ ᠰᠦᠩᠱᠠᠨ ᠲᠣᠭᠤᠷᠢᠭ ᠤᠨ ᠡᠷᠳᠡᠨᠢ ᠰᠢᠰᠢ ᠶᠢᠨ ᠦᠷ᠎ᠡ ᠪᠤᠶᠢᠵᠢᠭᠤᠯᠬᠤ ᠰᠠᠭᠤᠷᠢᠨ | ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠲᠠᠷᠢᠮᠠᠯ ᠤᠨ ᠦᠷ᠎ᠡ | ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠵᠤ ᠴᠤᠭᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠦᠷ᠎ᠡ ᠡᠳ᠋ ᠤᠨ ᠡᠬᠢ ᠪᠠᠶᠠᠯᠢᠭ ᠢ ᠤᠨᠢᠨ ᠳᠡᠭᠡᠷ᠎ᠡ ᠨᠢ ᠬᠢᠨᠠᠨ ᠲᠣᠭᠲᠠᠭᠠᠵᠤ ᠦᠨᠡᠯᠡᠬᠦ ᠶᠢ | ᠠᠬᠢᠭᠤᠯᠵᠤ᠂ ᠦᠷ᠎ᠡ ᠡᠳ᠋ ᠤᠨ ᠡᠬᠢ ᠪᠠᠶᠠᠯᠢᠭ ᠢ ᠠᠮᠢᠳᠤᠯᠢᠭ ᠪᠤᠯᠭᠠᠪᠠ︔ ︽ᠪᠠᠷᠠᠭᠤᠨ ᠲᠠᠪᠤ ᠵᠡᠭᠦᠨ ᠭᠤᠷᠪᠠ︾ | ᠰᠢᠶᠠᠩ ᠪᠠᠯᠭᠠᠰᠤᠨ ᠤ ᠦᠷ᠎ᠡ ᠪᠤᠶᠢᠵᠢᠭᠤᠯᠬᠤ ᠰᠠᠭᠤᠷᠢᠨ ᠭᠠᠵᠠᠷ ᠤᠨ ᠪᠠᠶᠢᠷᠢᠰᠢᠭᠤᠯᠤᠯᠲᠠ ᠪᠠᠷ ᠲᠤᠯᠭᠠᠭᠤᠷᠢᠯᠠᠯ | ᠪᠣᠯᠭᠠᠵᠤ᠂ ᠦᠷ᠎ᠡ ᠶᠢᠨ ᠦᠢᠯᠡᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢ ᠤᠶᠠᠯᠳᠤᠭᠤᠯᠬᠤ᠂ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠤᠬᠴᠠᠵᠢᠭᠤᠯᠬᠤ ᠶᠢ | ᠠᠬᠢᠭᠤᠯᠵᠤ᠂ ᠬᠤᠳᠠᠯᠳᠤᠭᠠᠴᠢᠯᠠᠭᠰᠠᠨ ᠦᠷ᠎ᠡ ᠪᠤᠶᠢᠵᠢᠭᠤᠯᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ | ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠠᠵᠢᠯᠯᠠᠬᠤ ᠭᠠᠵᠠᠷ ᠰᠢᠷᠣᠢ ᠶᠢᠨ ᠥᠨᠳᠥᠷ ᠪᠠᠷᠢᠮᠵᠢᠶ᠎ᠠ ᠪᠠᠷ | ᠪᠦᠲᠦᠭᠡᠨ ᠪᠠᠶᠢᠭᠤᠯᠬᠤ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠦᠨ ᠳᠡᠰ ᠳᠡᠪᠰᠢᠭᠦᠯᠬᠦ ᠵᠡᠷᠭᠡ ᠲᠦᠷᠦᠯ | ᠵᠦᠢᠯ ᠳᠤ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠦᠵᠡᠭᠦᠯᠵᠦ᠂ ᠦᠷ᠎ᠡ ᠶᠢᠨ ᠦᠢᠯᠡᠰ ᠤᠨ ᠠᠵᠤ | ᠠᠬᠤᠶᠢᠯᠠᠯ ᠤᠨ ᠳᠡᠭᠡᠳᠦ ᠳᠤᠤᠷᠠᠳᠤ ᠤᠷᠤᠰᠬᠠᠯ ᠤᠨ ᠮᠡᠷᠭᠡᠵᠢᠯ ᠤᠨ ᠳᠡᠯᠭᠡᠷᠡᠭᠦᠯᠦᠯᠲᠡ᠂ ᠮᠡᠳᠡᠭᠡ ᠵᠠᠩᠭᠢ ᠶᠢᠨ | ᠦᠢᠯᠡᠴᠢᠯᠡᠭᠡ ᠵᠡᠷᠭᠡ ᠴᠢᠳᠠᠪᠬᠢ ᠶᠢᠨ ᠬᠡᠯᠬᠢᠶ᠎ᠡ ᠶᠢ ᠴᠢᠨᠠᠭᠰᠢᠳᠠ ᠲᠡᠭᠦᠯᠳᠡᠷᠵᠢᠭᠦᠯᠵᠦ᠂ ᠦᠷ᠎ᠡ ᠶᠢᠨ ᠦᠢᠯᠡᠰ ᠤᠨ | ᠠᠵᠤ ᠠᠬᠤᠶᠢᠯᠠᠯ ᠢ ᠬᠦᠴᠦᠷᠬᠡᠭᠵᠢᠯᠡᠭᠦᠯᠪᠡ︔ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠤ ᠰᠦᠩᠱᠠᠨ ᠲᠣᠭᠤᠷᠢᠭ ᠤᠨ ︽ᠦᠷ᠎ᠡ ᠪᠤᠶᠢᠵᠢᠭᠤᠯᠬᠤ ᠭᠤᠣᠯᠯᠠᠬᠤ ᠠᠵᠤ ᠦᠢᠯᠡᠰ ᠢ ᠬᠥᠭᠵᠢᠭᠦᠯᠬᠦ︾ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠵᠤ᠂ ᠤᠯᠤᠰ ᠤᠨ ᠲᠠᠰ ᠤᠨ | ᠡᠷᠯᠢᠰᠡᠵᠢᠭᠦᠯᠦᠭᠰᠡᠨ ᠡᠷᠳᠡᠨᠢ ᠰᠢᠰᠢ ᠶᠢᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠤᠨ ᠲᠠᠩᠰᠠ ᠡᠪᠬᠡᠮᠡᠯ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠦᠷᠭᠡᠳᠬᠡᠵᠦ᠂ ᠡᠷᠯᠢᠰᠡᠵᠢᠭᠦᠯᠦᠭᠰᠡᠨ ᠡᠷᠳᠡᠨᠢ ᠰᠢᠰᠢ ᠶᠢᠨ ︽ᠡᠷᠲᠡ | ᠪᠣᠯᠪᠠᠰᠤᠷᠠᠬᠤ︾ ︽ᠳᠤᠮᠳᠠ ᠡᠷᠲᠡ ᠪᠣᠯᠪᠠᠰᠤᠷᠠᠬᠤ︾ ︽ᠳᠤᠮᠳᠠ ᠣᠷᠣᠶ ᠪᠣᠯᠪᠠᠰᠤᠷᠠᠬᠤ︾ ᠦᠷ᠎ᠡ ᠶᠢᠨ ᠰᠠᠭᠤᠷᠢᠨ | ᠭᠠᠵᠠᠷ ᠢ ᠠᠯᠬᠤᠮ ᠠᠯᠬᠤᠮ ᠢᠶᠠᠷ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ︽ | ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠤᠭᠴᠠᠵᠢᠭᠤᠯᠬᠤ︾ ᠦᠷ᠎ᠡ ᠶᠢᠨ ᠦᠢᠯᠡᠰ ᠤᠨ | ᠬᠥᠭᠵᠢᠯᠲᠡ ᠶᠢᠨ ᠭᠠᠵᠠᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠦᠷ᠎ᠡ ᠶᠢᠨ ᠦᠢᠯᠡᠰ ᠤᠨ | ᠬᠥᠭᠵᠢᠯᠲᠡ ᠶᠢᠨ ᠠᠵᠤ ᠦᠶᠢᠯᠡᠰᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠠᠭᠤᠷᠢᠨ ᠭᠠᠵᠠᠷ ᠤᠨ ᠬᠢᠷᠢ | ᠬᠡᠮᠵᠢᠶ᠎ᠡ ᠶᠢ ᠳᠡᠭᠡᠭᠰᠢᠯᠡᠭᠦᠯᠪᠡ᠃ ᠣᠲᠣ ᠪᠣᠯᠲᠠᠯ᠎ᠠ᠂ ᠡᠷᠯᠢᠰᠡᠵᠢᠭᠦᠯᠦᠭᠰᠡᠨ ᠡᠷᠳᠡᠨᠢ ᠰᠢᠰᠢ ᠶᠢᠨ ᠦᠷ᠎ᠡ ᠪᠠᠷ ᠭᠤᠤᠯ | ᠪᠣᠯᠭᠠᠵᠤ᠂ ᠨᠠᠷᠢᠮᠤ᠂ ᠰᠢᠰᠢ᠂ ᠢᠳᠡᠰᠢᠨ ᠪᠤᠷᠴᠠᠭ᠂ ᠲᠥᠮᠥᠰᠥ ᠵᠡᠷᠭᠡ ᠣᠯᠠᠨ ᠡᠭᠦᠯᠳᠡᠷ ᠢ ᠬᠠᠮᠤᠷᠤᠭᠰᠠᠨ ᠦᠷ᠎ᠡ | ᠪᠤᠶᠢᠵᠢᠭᠤᠯᠬᠤ ᠪᠣᠷᠣ ᠲᠥᠯᠥᠪ ᠢ ᠨᠢᠭᠡᠨᠲᠡ ᠪᠣᠶ ᠪᠣᠯᠭᠠᠪᠠ︔ ᠶᠡᠭᠡ ᠪᠸᠢ ᠨᠦᠩ᠂ ᠯᠢ ᠮᠠ ᠭᠧ ᠯᠠᠨ᠂ | ᠬᠠᠷᠠᠮᠥ᠋ᠷᠡᠨ ᠤ ᠨᠡᠷᠡᠨ ᠭᠡᠷᠡᠯᠲᠦ ᠦᠷ᠎ᠡ ᠶᠢᠨ ᠦᠢᠯᠡᠰ᠂ ᠹᠧᠩ ᠵᠢᠶ ᠦᠷ᠎ᠡ ᠶᠢᠨ ᠦᠢᠯᠡᠰ ᠵᠡᠷᠭᠡ ᠨᠡᠶᠢᠲᠡ 20 ᠭᠠᠷᠤᠶ | ᠠᠵᠤ ᠠᠬᠤᠶᠢᠯᠠᠯ ᠢ ᠲᠡᠳᠡᠨ ᠠᠪᠴᠢᠷᠠᠵᠤ ᠪᠤᠶᠢᠵᠢᠭᠤᠯᠤᠨ᠂ ᠡᠷᠳᠡᠨᠢ ᠰᠢᠰᠢ᠂ ᠨᠠᠷᠢᠮᠤ᠂ ᠡᠯᠳᠡᠪ ᠠᠮᠤ ᠡᠯᠳᠡᠪ | ᠪᠤᠷᠴᠠᠭ ᠵᠡᠷᠭᠡ ᠦᠷ᠎ᠡ ᠡᠳ᠋ ᠤᠨ ᠡᠬᠢ ᠪᠠᠶᠠᠯᠢᠭ ᠤᠨ 91 ᠲᠥᠷᠥᠯ ᠵᠦᠢᠯ ᠢ ᠴᠤᠭᠯᠠᠭᠤᠯᠵᠤ᠂ 6.1 ᠲᠦᠮᠡᠨ ᠮᠥ | ᠳᠠᠷᠢᠬᠤ ᠲᠠᠯᠠᠪᠠᠶ ᠶᠢ ᠨᠠᠶᠢᠳᠠᠪᠤᠷᠢᠵᠢᠭᠤᠯᠤᠨ ᠬᠥᠭᠵᠢᠭᠦᠯᠵᠦ᠂ ᠵᠢᠯ ᠳᠤ 1.5 ᠲᠦᠮᠡᠨ ᠲᠣᠨ ᠦᠢᠯᠡᠳᠪᠦᠷᠢᠯᠡᠬᠦ | ᠴᠢᠳᠠᠪᠤᠷᠢ ᠲᠠᠢ ᠪᠣᠯᠭᠠᠪᠠ᠃ |