ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠦᠲᠦᠴᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ | ᠰᠥᠨᠢ ᠶᠢᠨ ᠵᠠᠬ᠎ᠠ ᠳᠡᠯᠭᠡᠭᠦᠷ ᠤᠨ ᠨᠡᠷᠡᠲᠦ ᠲᠡᠮᠳᠡᠭ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠦᠯᠦᠭᠡ᠂ | ᠰᠦᠩᠱᠠᠨ ᠲᠣᠭᠤᠷᠢᠭ ᠤᠯᠠᠭᠠᠨᠬᠠᠳᠠ ᠶᠢᠨ ᠡᠳᠦᠷ ᠤᠨ ᠰᠣᠨᠢᠨ ᠤ ᡁᠢ ᠾᠦᠢ ᠵᠠᠭᠤᠴᠢᠯᠠᠭᠤᠷ ᠤᠨ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠱᠤ᠋ ᠶᠦᠨ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠡᠷᠭᠡ | ᠵᠠᠭᠤᠴᠢᠯᠠᠭᠤᠷ ᠤᠨ ᠠᠵᠤ ᠠᠬᠤᠶᠢᠯᠠᠯ ᠲᠠᠢ ᠢᠳᠡᠪᠬᠢᠲᠡᠶ ᠪᠠᠷ ᠵᠣᠯᠭᠠᠭᠤᠯᠬᠤ ᠪᠠᠷ ᠳᠡᠮᠵᠢᠨ᠂ ᠬᠠᠨ ᠲᠠᠩ ᠢᠳᠡᠭᠡᠨ ᠤ | ᠬᠢᠵᠠᠭᠠᠷᠲᠤ ᠺᠣᠮᠫᠠᠨᠢ ᠵᠡᠷᠭᠡ ᠨᠤᠲᠤᠭ ᠤᠨ ᠨᠡᠷᠡᠲᠦ ᠲᠡᠮᠳᠡᠭᠲᠦ ᠢᠳᠡᠭᠡᠨ ᠤᠮᠳᠠᠭᠠᠨ ᠤ ᠠᠵᠤ ᠠᠬᠤᠶᠢᠯᠠᠯ ᠲᠠᠢ | ᠬᠤᠯᠪᠣᠭᠠᠯᠠᠨ᠂ ︽ᠵᠠᠰᠠᠭ ᠨᠡᠶᠢᠭᠡᠮ ᠠᠵᠤ ᠠᠬᠤᠶᠢᠯᠠᠯ︾ ᠭᠤᠷᠪᠠᠨ ᠲᠠᠯ᠎ᠠ ᠪᠠᠷ ᠢᠶᠠᠨ ᠬᠠᠮᠲᠤ ᠪᠠᠷ ᠵᠥᠪᠳᠡᠯᠴᠡᠵᠦ | ᠬᠠᠮᠲᠤ ᠪᠠᠷ ᠪᠠᠶᠢᠭᠤᠯᠬᠤ ᠬᠠᠮᠲᠤᠷᠠᠭᠰᠠᠨ ᠵᠠᠭᠪᠤᠷ ᠢ ᠡᠬᠢᠯᠡᠨ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ︽ | ᠰᠥᠨᠢ ᠶᠢᠨ ᠠᠵᠤ ᠠᠬᠤᠶ︾ ᠶᠢᠨ ᠵᠥᠪᠳᠡᠯᠴᠡᠭᠡᠨ ᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠰᠥᠨᠢ ᠶᠢᠨ ᠬᠡᠷᠡᠭᠯᠡᠭᠡᠨ ᠤ ᠠᠬᠤᠶ ᠪᠠᠶᠢᠳᠠᠯ ᠢ ᠪᠣᠶ ᠪᠣᠯᠭᠠᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠬᠠᠨ ᠲᠠᠩ | ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠲᠠᠢ ᠬᠠᠮᠵᠢᠯᠴᠠᠨ ᠭᠠᠵᠠᠷ ᠳᠡᠭᠡᠷᠡᠬᠢ ᠳᠡᠯᠭᠡᠭᠡ ᠠᠵᠤ | ᠠᠬᠤᠶ ᠶᠢᠨ ᠠᠵᠤ ᠠᠬᠤᠶᠢᠴᠢᠯᠠᠭᠰᠠᠨ ᠢᠵᠢ ᠦᠢᠯᠡᠴᠢᠯᠡᠭᠡ᠂ ᠰᠦᠯᠵᠢᠶᠡᠨ ᠳᠡᠭᠡᠷᠡᠬᠢ ᠵᠠᠬᠢᠶᠠᠯᠠᠭ᠎ᠠ᠂ | ᠲᠣᠭᠤᠭᠠᠴᠢ ᠶᠢᠨ ᠲᠠᠨᠢᠯᠴᠠᠭᠤᠯᠭ᠎ᠠ ᠵᠡᠷᠭᠡ ᠰᠢᠨ᠎ᠡ ᠶᠢ ᠡᠭᠦᠳᠬᠦ ᠴᠢᠨᠠᠷᠲᠠᠶ ᠥᠭᠡᠷᠡᠴᠢᠯᠡᠯᠲᠡ ᠶᠢ ᠬᠡᠷᠡᠭᠵᠢᠭᠦᠯᠬᠦ ᠪᠠᠷ | ᠳᠠᠮᠵᠢᠭᠤᠯᠤᠨ᠂ ᠰᠥᠨᠢ ᠶᠢᠨ ᠵᠠᠬ᠎ᠠ ᠳᠡᠯᠭᠡᠭᠦᠷ ᠲᠤ ᠣᠷᠣᠵᠤ ᠰᠠᠭᠤᠭᠰᠠᠨ ᠨᠠᠷᠠᠲᠤ ᠲᠡᠮᠳᠡᠭᠲᠦ ᠬᠤᠳᠠᠯᠳᠤᠭᠠᠴᠢᠨ ᠳᠤ | ᠠᠳᠠᠭ ᠢ ᠨᠢ ᠬᠠᠰᠤᠬᠤ ᠲᠦᠷᠢᠮ ᠢ ᠬᠡᠷᠡᠭᠵᠢᠭᠦᠯᠵᠦ᠂ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠶ ᠶᠢᠨ | ᠢᠵᠢᠯᠰᠢᠬᠦ ᠪᠠ ᠡᠮᠬᠢ ᠵᠢᠷᠤᠮ ᠥᠬᠡᠶ ᠥᠷᠢᠰᠥᠯᠳᠦᠭᠡᠨ ᠠᠴᠠ ᠵᠠᠶᠢᠯᠠᠰᠬᠢᠵᠦ᠂ ᠡᠭᠦᠨ ᠤ ᠤᠯᠠᠮ ᠢᠶᠠᠷ ᠰᠥᠨᠢ ᠶᠢᠨ | ᠠᠵᠤ ᠠᠬᠤᠶ ᠶᠢᠨ ᠴᠤᠭᠯᠠᠭ᠎ᠠ ᠮᠠᠶᠢᠮᠠᠶ ᠶᠢᠨ ᠶᠠᠰᠤ ᠴᠢᠨᠠᠷ ᠢ ᠠᠬᠢᠭᠤᠯᠤᠨ᠎ᠠ᠃ ᠡᠭᠦᠨ ᠤ ᠬᠠᠮᠲᠤ᠂ ᠢᠳᠡᠭᠡᠨ | ᠤᠮᠳᠠᠭᠠᠨ ᠤ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠵᠠᠭᠤᠴᠢᠯᠠᠭᠤᠷ ᠤᠨ ᠠᠵᠤ | ᠠᠬᠤᠶᠢᠯᠠᠯ ᠲᠠᠢ ᠵᠣᠯᠭᠠᠭᠤᠯᠵᠤ᠂ ᠬᠤᠳᠠᠯᠳᠤᠭᠠᠴᠢᠨ ᠢ ᠬᠠᠪᠰᠤᠷᠤᠨ ᠲᠡᠳᠬᠦᠵᠦ ᠪᠠᠶᠢᠭᠠᠳ ᠤᠨᠴᠠᠯᠢᠬᠳᠤ ᠰᠢᠭᠤᠳ | ᠨᠡᠪᠲᠡᠷᠡᠭᠦᠯᠭᠡ ᠶᠢᠨ ᠲᠠᠰᠤᠭ ᠭᠠᠷᠭᠠᠵᠤ᠂ ᠡᠵᠡᠩᠨᠡᠨ ᠪᠣᠷᠣᠯᠠᠭᠤᠯᠬᠤ ᠣᠬᠤᠷ ᠸᠢᠳᠢᠣ᠋ ᠶᠢ ᠨᠠᠶᠢᠷᠠᠭᠤᠯᠤᠨ ᠨᠡᠶᠢᠲᠡᠯᠡᠵᠦ᠂ | ᠰᠦᠯᠵᠢᠶᠡᠨ ᠳᠡᠭᠡᠷᠡᠬᠢ ᠲᠤᠭ᠎ᠠ ᠪᠠᠷᠢᠮᠲᠠ ᠪᠠᠷ ᠬᠠᠯᠠᠮᠰᠢᠯ ᠴᠡᠭ ᠤᠨ ᠨᠣᠭᠤᠭ᠎ᠠ ᠶᠢᠨ ᠲᠥᠷᠥᠯ ᠵᠦᠢᠯ ᠢ ᠵᠠᠳᠠᠯᠤᠨ | ᠰᠢᠨᠵᠢᠯᠡᠵᠦ᠂ ᠤᠯᠠᠭᠠᠨᠬᠠᠳᠠ ᠶᠢᠨ ᠨᠣᠭᠤᠭ᠎ᠠ ᠶᠢᠨ ᠲᠥᠷᠥᠯ ᠵᠦᠢᠯ ᠤᠨ ᠠᠷᠤ ᠳᠠᠬᠢ ᠥᠯᠢᠭᠡᠷ ᠢ ᠲᠣᠭᠠᠴᠢᠨ᠂ | ᠤᠯᠠᠭᠠᠨᠬᠠᠳᠠ ᠶᠢᠨ ᠢᠳᠡᠭᠡᠨ ᠤᠮᠳᠠᠭᠠᠨ ᠤ ᠲᠥᠷᠥᠯ ᠲᠡᠮᠳᠡᠭ ᠬᠢᠭᠡᠳ ᠰᠥᠨᠢ ᠶᠢᠨ ᠠᠵᠤ ᠠᠬᠤᠶ ᠶᠢᠨ ᠲᠥᠷᠥᠯ | ᠲᠡᠮᠳᠡᠭ ᠤᠨ ᠬᠤᠤᠰ ᠳᠡᠭᠡᠭᠰᠢᠯᠡᠯᠲᠡ ᠶᠢ ᠪᠡᠶᠡᠯᠡᠭᠦᠯᠬᠦ ᠶᠢ ᠵᠣᠷᠢᠭᠵᠢᠭᠤᠯᠤᠨ᠎ᠠ᠃ ᠣᠲᠣ ᠪᠣᠯᠲᠠᠯ᠎ᠠ᠂ ᠲᠣᠰ | ᠲᠣᠭᠤᠷᠢᠭ ᠤᠨ 11 ᠰᠥᠨᠢ ᠶᠢᠨ ᠵᠠᠬ᠎ᠠ ᠳᠡᠯᠭᠡᠭᠦᠷ ᠲᠤ ᠨᠢᠭᠡᠨᠲᠡ 419 ᠨᠠᠷᠠᠲᠤ ᠲᠡᠮᠳᠡᠭᠲᠦ ᠠᠵᠤ ᠠᠬᠤᠶᠢᠯᠠᠯ ᠤᠨ | ᠬᠤᠳᠠᠯᠳᠤᠭᠠᠴᠢᠨ ᠡᠷᠦᠬᠡ ᠣᠷᠣᠵᠤ ᠰᠠᠭᠤᠭᠠᠳ᠂ ᠡᠳᠦᠷ ᠳᠤᠮᠳᠠᠴᠢ ᠶᠢᠨ ᠪᠣᠷᠣᠯᠠᠭᠤᠯᠭ᠎ᠠ ᠶᠢᠨ ᠬᠡᠮᠵᠢᠶ᠎ᠡ 130 | ᠲᠦᠮᠡᠨ ᠲᠥᠭᠦᠷᠢᠭ ᠲᠤ ᠬᠦᠷᠴᠦ᠂ ᠡᠳᠦᠷ ᠳᠤᠮᠳᠠᠴᠢ ᠶᠢᠨ ᠠᠶᠠᠨᠴᠢᠳ ᠤᠨ ᠲᠤᠭ᠎ᠠ ᠬᠡᠮᠵᠢᠶ᠎ᠡ 4.3 ᠲᠦᠮᠡᠨ | ᠬᠥᠮᠦᠨ ᠤᠳᠠᠭ᠎ᠠ ᠶᠢ ᠳᠠᠪᠠᠵᠤ᠂ ᠵᠢᠱᠢᠯᠲᠡ ᠪᠠᠷ ᠪᠦᠬᠦ᠋ᠢᠯᠡ ᠰᠥᠨᠢ ᠶᠢᠨ ᠠᠵᠤ ᠠᠬᠤᠶ ᠶᠢᠨ ᠪᠣᠷᠣᠯᠠᠭᠤᠯᠭ᠎ᠠ ᠶᠢᠨ | ᠤᠯᠠᠷᠢᠯ ᠤᠨ ᠪᠣᠷᠣᠯᠠᠭᠤᠯᠭ᠎ᠠ ᠶᠢᠨ ᠬᠡᠮᠵᠢᠶ᠎ᠡ 3 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠥᠷᠬᠦ ᠪᠣᠯᠤᠨ᠎ᠠ᠃ |