ᠲᠠᠪᠤᠳᠤᠭᠠᠷ ᠬᠤᠭᠤᠴᠠᠭᠠᠨ ᠤ ᠠᠯᠤᠰ ᠰᠡᠷᠡᠯ ᠤᠨ ᠬᠡᠷᠡᠭᠯᠡᠭᠡᠨ ᠤ ᠶᠡᠭᠡ ᠬᠤᠷᠠᠯ ᠰᠦᠩᠱᠠᠨ ᠲᠣᠭᠤᠷᠢᠭ ᠲᠤ ᠠᠮᠵᠢᠯᠲᠠᠲᠠᠢ ᠬᠤᠷᠠᠯᠳᠤᠪᠠ
ᠨᠡᠶᠢᠲᠡᠯᠡᠭᠰᠡᠨ ᠴᠠᠭ᠄
2023/7/6
     7 ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠬᠡᠮᠵᠢᠨ ᠵᠢᠷᠤᠬᠤ ᠰᠢᠨᠵᠢᠯᠡᠭᠡᠨ ᠤ ᠨᠡᠶᠢᠭᠡᠮᠯᠢᠭ ᠤᠨ ᠭᠠᠵᠠᠷ ᠤᠨ ᠪᠥᠮᠪᠥᠷᠴᠡᠭ ᠢ ᠠᠵᠢᠭᠯᠠᠨ ᠬᠡᠮᠵᠢᠬᠦ ᠠᠵᠢᠯ ᠤᠨ ᠵᠥᠪᠯᠡᠯ ᠪᠣᠯᠤᠨ ᠰᠠᠨᠰᠠᠷ ᠤᠨ ᠠᠶᠠᠯᠠᠯ ᠤᠨ ᠬᠤᠩ ᠲᠥ᠋ ᠮᠡᠳᠡᠭᠡ ᠵᠠᠩᠭᠢ ᠶᠢᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠡᠷᠭᠢᠯᠡᠭᠰᠡᠨ ︽ᠲᠠᠪᠤᠳᠤᠭᠠᠷ ᠬᠤᠭᠤᠴᠠᠭᠠᠨ ᠤ ᠠᠯᠤᠰ ᠰᠡᠷᠡᠯ ᠤᠨ ᠬᠡᠷᠡᠭᠯᠡᠭᠡᠨ ᠤ ᠶᠡᠭᠡ ᠬᠤᠷᠠᠯ ︵ᠤᠯᠠᠭᠠᠨᠬᠠᠳᠠ ᠥᠷᠲᠡᠭᠡ︶︾ ᠰᠦᠩᠱᠠᠨ ᠲᠣᠭᠤᠷᠢᠭ ᠲᠤ ᠠᠮᠵᠢᠯᠲᠠ ᠲᠠᠢ ᠬᠤᠷᠠᠯᠳᠤᠪᠠ᠃ ᠬᠤᠲᠠ᠂ ᠲᠣᠭᠤᠷᠢᠭ ᠤᠨ ᠬᠤᠶᠠᠷ ᠱᠠᠲᠤᠨ ᠤ ᠤᠳᠤᠷᠢᠳᠤᠯᠭ᠎ᠠ ᠵᠠᠩ ᠵᠢᠢ ᠺᠠᠩ᠂ ᠵᠦᠩ ᠴᠢᠩ ᠰᠦᠩ᠂ ᠯᠢᠶᠠᠩ ᠮᠢᠩ ᠽᠧ ᠨᠠᠷ ᠶᠡᠭᠡ ᠬᠤᠷᠠᠯ ᠳᠤ ᠣᠷᠣᠯᠴᠠᠪᠠ᠃    ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠵᠢᠶ ᠺᠠᠩ ᠪᠠᠶᠠᠷ ᠤᠨ ᠦᠭᠡ ᠳᠡᠭᠡᠨ ᠬᠡᠯᠡᠭᠰᠡᠨ ᠨᠢ᠂ ᠤᠯᠠᠭᠠᠨᠬᠠᠳᠠ ᠬᠤᠲᠠ ᠣᠲᠣ ᠶᠠᠭ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠠᠵᠠ ᠲᠣᠬᠢᠶᠠᠯ᠂ ᠤᠯᠤᠰ ᠤᠨ ︽ᠵᠡᠭᠦᠨᠰᠢ ᠲᠣᠭᠠᠯᠠᠵᠤ ᠪᠠᠷᠠᠭᠤᠨᠰᠢ ᠪᠤᠳᠤᠬᠤ︾ ᠢᠨᠵᠧᠨᠧᠷᠢᠩ ᠢ ᠬᠡᠷᠡᠭᠵᠢᠭᠦᠯᠬᠦ ᠠᠵᠠ ᠲᠣᠬᠢᠶᠠᠯ᠂ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ ᠶᠢ ᠶᠡᠭᠡ ᠪᠠᠷ ᠠᠳᠬᠤᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠲᠣᠭᠠᠴᠢᠯᠠᠭᠰᠠᠨ ᠠᠵᠤ ᠦᠢᠯᠡᠰ ᠤᠨ ᠠᠩᠬ᠎ᠠ ᠠᠯᠬᠤᠮ ᠬᠡᠪᠴᠢᠶᠡᠵᠢᠭᠰᠡᠨ ᠰᠠᠭᠤᠷᠢ ᠳᠤ ᠰᠠᠭᠤᠷᠢᠯᠠᠨ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠥᠨᠳᠦᠷᠯᠢᠭ ᠭᠠᠵᠠᠷ ᠪᠣᠯᠬᠤ ᠶᠢ ᠲᠦᠷᠭᠡᠳᠬᠡᠨ ᠪᠣᠶ ᠪᠣᠯᠭᠠᠵᠤ ᠪᠠᠶᠢᠨ᠎ᠠ᠃ ᠲᠠᠪᠤᠳᠤᠭᠠᠷ ᠬᠤᠭᠤᠴᠠᠭᠠᠨ ᠤ ᠠᠯᠤᠰ ᠰᠡᠷᠡᠯ ᠤᠨ ᠬᠡᠷᠡᠭᠯᠡᠭᠡᠨ ᠤ ᠶᠡᠭᠡ ᠬᠤᠷᠠᠯ ︵ᠤᠯᠠᠭᠠᠨᠬᠠᠳᠠ ᠦᠷᠳᠡᠭᠡ︶ ᠤᠨ ᠬᠤᠷᠠᠯᠳᠤᠭᠰᠠᠨ ᠨᠢ ᠤᠯᠠᠭᠠᠨᠬᠠᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠢ ᠶᠤᠮ᠃    ᠶᠡᠭᠡ ᠬᠤᠷᠠᠯ ᠳᠡᠭᠡᠷ᠎ᠡ᠂ ᠰᠠᠨᠰᠠᠷ ᠤᠨ ᠠᠶᠠᠯᠠᠯ ᠤᠨ ᠬᠤᠩ ᠲᠦ᠋ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠰᠠ ᠤᠯᠠᠭᠠᠨᠬᠠᠳᠠ ᠶᠢᠨ ᠠᠩᠬᠠᠳᠠᠭᠴᠢ ᠵᠢᠯᠣᠭᠤᠴᠢ ᠦᠭᠡᠢ ᠨᠢᠰᠬᠡᠯ ᠢ ᠰᠦᠯᠵᠢᠶᠡᠨ ᠠᠴᠠ ᠪᠠᠭᠤᠯᠭᠠᠬᠤ ᠶᠣᠰᠣᠯᠠᠯ ᠶᠠᠪᠤᠭᠤᠯᠪᠠ᠃    ᠲᠤᠰ ᠤᠳᠠᠭᠠᠨ ᠤ ᠶᠡᠭᠡ ᠬᠤᠷᠠᠯ ᠬᠤᠶᠠᠷ ᠡᠳᠦᠷ ᠶᠠᠪᠤᠭᠳᠠᠨ᠎ᠠ᠂ ︽ᠣᠳᠣᠳ ᠢ ᠬᠠᠷᠠᠨ ᠴᠢᠳᠠᠪᠤᠷᠢ ᠤᠯᠭᠤᠵᠤ᠂ ᠢᠷᠡᠭᠡᠳᠦᠶ ᠪᠠᠨ ᠣᠶᠤᠨᠴᠢ ᠪᠠᠷ ᠰᠡᠩᠬᠡᠷᠡᠭᠦᠯᠦᠶ᠎ᠡ᠄ ᠤᠮᠠᠷᠠᠲᠤ ᠬᠢᠯᠢ ᠶᠢᠨ ᠠᠮᠢ ᠠᠬᠤᠶ ᠶᠢᠨ ᠪᠣᠯᠪᠠᠰᠤᠨ ᠢ ᠰᠠᠬᠢᠨ ᠬᠠᠮᠠᠭᠠᠯᠠᠶ᠎ᠠ︾ ᠭᠡᠬᠦ ᠭᠤᠣᠯ ᠰᠡᠳᠦᠪ ᠢᠶᠠᠷ ᠶᠠᠪᠤᠭᠳᠠᠵᠤ᠂ ᠤᠯᠤᠰ ᠤᠨ ᠠᠺᠠᠳᠧᠮᠢᠴᠢ᠂ ᠠᠵᠢᠯ ᠲᠥᠷᠥᠯ ᠤᠨ ᠲᠤᠰᠬᠠᠶ ᠮᠡᠷᠭᠡᠵᠢᠯᠲᠡᠨ᠂ ᠤᠯᠤᠰ ᠤᠨ ᠳᠣᠲᠣᠭᠠᠳᠤ ᠶᠢᠨ ᠠᠯᠤᠰ ᠰᠡᠷᠡᠯ ᠤᠨ ᠬᠡᠷᠡᠭᠯᠡᠭᠡᠨ ᠤ ᠬᠦᠷᠢᠶᠡᠨ ᠳᠠᠬᠢ 42 ᠡᠷᠳᠡᠮᠲᠡᠨ ᠢ ᠤᠷᠢᠵᠤ ᠬᠠᠮᠲᠤ ᠪᠠᠷ ᠣᠷᠣᠯᠴᠠᠭᠤᠯᠤᠨ᠎ᠠ᠂ ᠵᠣᠷᠢᠯᠭ᠎ᠠ ᠨᠢ ᠬᠠᠮᠤᠭ ᠤᠨ ᠰᠢᠨ᠎ᠡ ᠠᠯᠤᠰ ᠰᠡᠷᠡᠯ ᠤᠨ ᠮᠡᠷᠭᠡᠵᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠳᠠᠬᠢ ᠬᠡᠷᠡᠭᠯᠡᠯᠲᠡ ᠶᠢ ᠰᠤᠳᠤᠯᠬᠤ ᠶᠢᠨ ᠬᠠᠮᠲᠤ ᠤᠯᠤᠰ ᠤᠨ ᠳᠣᠲᠣᠭᠠᠳᠤ ᠶᠢᠨ ᠠᠯᠤᠰ ᠰᠡᠷᠡᠯ ᠤᠨ ᠬᠦᠷᠢᠶᠡᠨ ᠳᠠᠬᠢ ᠰᠤᠳᠤᠯᠭᠠᠨ ᠤ ᠠᠵᠢᠯᠲᠠᠨ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠠᠵᠢᠯᠲᠠᠨ ᠳᠤ ᠡᠷᠳᠡᠮ ᠰᠢᠨᠵᠢᠯᠡᠭᠡᠨ ᠤ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ᠬᠠᠮᠤᠭ ᠤᠨ ᠰᠢᠨ᠎ᠡ ᠦᠷ᠎ᠡ ᠪᠦᠲᠦᠭᠡᠯ ᠪᠠ ᠲᠤᠷᠰᠢᠯᠭ᠎ᠠ ᠶᠢ ᠬᠤᠪᠢᠶᠠᠯᠴᠠᠨ ᠡᠳ᠋ᠯᠡᠭᠦᠯᠬᠦ ᠶᠢᠨ ᠲᠥᠯᠥᠭᠡ ᠶᠤᠮ᠃ 
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号