ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ | ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ︹2023︺7 ᠳ᠋ᠤᠭᠠᠷ ᠲᠣᠭᠠᠲᠤ | ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ | ︵ᠳᠣᠷᠣᠭᠰᠢ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠭᠡᠵᠦ ᠲᠣᠪᠴᠢᠯᠠᠨ᠎ᠠ︶ ᠶᠢ ᠭᠦᠨᠵᠡᠭᠡᠢ | ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ | ᠨᠢᠭᠡ ᠠᠯᠬᠤᠮ ᠴᠢᠩᠭᠠᠳᠬᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠠᠬᠢ ᠬᠠᠤᠯᠢ | ᠴᠠᠭᠠᠵᠠ ᠶᠢᠨ ᠲᠤᠰᠠᠯᠠᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠵᠤ᠂ ᠳᠣᠣᠷᠠᠬᠢ ᠰᠠᠨᠠᠯ ᠢ ᠳᠤᠷᠠᠳᠪᠠ᠃ | ᠨᠢᠭᠡ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ ᠤ ᠴᠢᠬᠤᠯᠠ | ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ | ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠲᠥᠪ | ᠭᠤᠣᠯᠴᠢ ᠪᠠᠷ ᠬᠠᠤᠯᠢ ᠪᠠᠷᠢᠬᠤ ᠪᠣᠯ ᠨᠡᠶᠢᠭᠡᠮ ᠤᠨ ᠠᠳᠠᠯᠢ ᠲᠡᠭᠰᠢ ᠰᠢᠳᠤᠷᠭᠤ ᠶᠣᠰᠣ ᠶᠢ ᠰᠠᠬᠢᠨ ᠬᠠᠮᠠᠭᠠᠯᠠᠬᠤ ᠶᠢᠨ | ᠬᠠᠮᠤᠭ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ᠃ ᠬᠠᠤᠯᠢ ᠪᠠᠷᠢᠬᠤ ᠪᠠᠶᠢᠭᠤᠯᠤᠯ ᠤᠨ ᠶᠡᠷᠦᠩᠬᠡᠶᠢᠯᠡᠭᠰᠡᠨ | ᠲᠥᠬᠦᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢ ᠪᠦᠬᠦ | ᠲᠠᠯ᠎ᠠ ᠪᠠᠷ ᠣᠨᠣᠪᠴᠢᠲᠠᠢ ᠨᠠᠶᠢᠳᠠᠪᠤᠷᠢᠵᠢᠭᠤᠯᠤᠨ᠂ ᠲᠥᠪ ᠭᠤᠣᠯᠴᠢ ᠥᠨᠳᠥᠷ ᠪᠦᠲᠦᠮᠵᠢᠲᠡᠢ ᠪᠥᠭᠡᠳ ᠡᠷᠬᠡ | ᠰᠦᠷᠲᠡᠢ ᠨᠡᠶᠢᠭᠡᠮ ᠵᠢᠷᠤᠮ ᠤᠨ ᠬᠠᠤᠯᠢ ᠪᠠᠷᠢᠬᠤ ᠳᠦᠷᠢᠮ ᠢ ᠲᠦᠷᠭᠡᠳᠬᠡᠨ ᠪᠠᠶᠢᠭᠤᠯᠵᠤ᠂ ᠬᠠᠤᠯᠢ ᠴᠠᠭᠠᠵᠠ ᠶᠢᠨ | ᠬᠡᠷᠡᠭ ᠨᠢᠭᠡ ᠪᠦᠷᠢ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠭᠰᠠᠨ ᠲᠥᠷᠥᠭᠳᠡᠯ | ᠣᠯᠭᠤᠬᠤ ᠪᠠᠷ ᠴᠢᠷᠮᠠᠶᠢᠨ᠎ᠠ︾ ᠭᠡᠵᠦ ᠵᠢᠭᠠᠵᠤ ᠭᠠᠷᠭᠠᠪᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠪᠣᠯ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷᠢᠬᠤ ᠳᠦᠷᠢᠮ ᠤᠨ ᠴᠢᠬᠤᠯᠠ | ᠪᠦᠷᠢᠯᠳᠦᠭᠦᠨ ᠬᠡᠰᠡᠭ ᠪᠠᠶᠢᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠪᠠ ᠤᠯᠤᠰ ᠤᠨ ᠬᠠᠤᠯᠢᠵᠢᠯ ᠤᠨ | ᠪᠣᠯᠪᠠᠰᠤᠨ ᠤ ᠬᠡᠮᠵᠢᠶ᠎ᠡ ᠶᠢ ᠬᠠᠷᠠᠭᠤᠯᠬᠤ ᠶᠢᠨ ᠴᠢᠬᠤᠯᠠ ᠪᠡᠯᠭᠡ ᠲᠡᠮᠳᠡᠭ ᠪᠣᠯᠣᠨ᠎ᠠ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ︽ᠬᠠᠤᠯᠢ | ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠬᠠᠤᠯᠢ ᠲᠣᠭᠲᠠᠭᠠᠭᠰᠠᠨ ᠵᠣᠷᠢᠭ ᠰᠠᠨᠠᠭ᠎ᠠ ᠪᠠ ᠦᠢᠯᠡᠳᠦᠯᠭᠡ ᠶᠢᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠰᠤᠷᠤᠯᠴᠠᠨ ᠣᠶᠢᠯᠠᠭᠠᠵᠤ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠠᠷᠢᠭᠤᠴᠠᠯᠭ᠎ᠠ ᠶᠢ ᠦᠨᠡᠨ ᠬᠦ ᠳᠠᠭᠠᠭᠠᠨ ᠡᠭᠦᠷᠭᠡᠯᠡᠵᠦ᠂ ᠬᠥᠮᠥᠨ ᠤ ᠡᠷᠬᠡ ᠶᠢ ᠬᠠᠤᠯᠢ ᠪᠠᠷᠢᠬᠤ ᠪᠠᠷ ᠪᠠᠲᠤᠯᠠᠬᠤ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠲᠠᠯ᠎ᠠ ᠳᠠᠬᠢ ᠠᠷᠠᠳ ᠲᠦᠮᠡᠨ ᠤ | ᠬᠦᠷᠲᠡᠮᠵᠢ ᠶᠢᠨ ᠲᠥᠷᠥᠭᠳᠡᠯ ᠢ ᠨᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ | ᠬᠤᠶᠠᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠦᠷᠢᠶ᠎ᠡ ᠬᠡᠪᠴᠢᠶ᠎ᠡ ᠪᠠ ᠨᠥᠬᠦᠪᠦᠷᠢ ᠶᠢᠨ | ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠢ | ︵ᠨᠢᠭᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠦᠷᠢᠶ᠎ᠡ ᠬᠡᠪᠴᠢᠶ᠎ᠡ᠃ ︽ᠬᠠᠤᠯᠢ | ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ ᠳᠣᠣᠷ᠎ᠠ ᠵᠢᠭᠰᠠᠭᠠᠭᠰᠠᠨ | ᠵᠦᠢᠯᠡᠰ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠦᠷᠢᠶ᠎ᠡ ᠬᠡᠪᠴᠢᠶᠡᠨ ᠳᠤ ᠪᠠᠭᠲᠠᠨ᠎ᠠ᠄ | 1.ᠡᠷᠡᠭᠦᠦ ᠶᠢᠨ ᠬᠡᠷᠡᠭ᠄ | ︵1︶ ᠡᠷᠡᠭᠦᠦ ᠶᠢᠨ ᠬᠡᠷᠡᠭ ᠤᠨ ᠶᠠᠯᠠᠲᠤ ᠬᠡᠷᠡᠭ ᠤᠨ ᠰᠡᠵᠢᠭᠲᠡᠨ᠂ ᠵᠠᠭᠠᠯᠳᠤᠭᠳᠠᠭᠴᠢ ᠨᠢ ᠠᠵᠤ ᠠᠬᠤᠢ ᠶᠢᠨ | ᠬᠦᠴᠢᠷᠳᠡᠯ ᠪᠤᠶᠤ ᠪᠤᠰᠤᠳ ᠰᠢᠯᠲᠠᠭᠠᠨ ᠠᠴᠠ ᠪᠣᠯᠵᠤ ᠥᠮᠥᠭᠯᠡᠭᠴᠢ ᠳᠤ ᠨᠠᠶᠢᠳᠠᠭᠰᠠᠨ ᠦᠭᠡᠢ ᠪᠠᠶᠢᠪᠠᠯ᠂ ᠲᠤᠰ | ᠬᠥᠮᠥᠨ ᠵᠢᠴᠢ ᠲᠡᠭᠦᠨ ᠤ ᠣᠶᠢᠷ᠎ᠠ ᠲᠦᠷᠦᠯ ᠰᠠᠳᠤᠨ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠠᠴᠠ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠵᠤ ᠪᠣᠯᠣᠨ᠎ᠠ︔ | ︵2︶ ᠡᠷᠡᠭᠦᠦ ᠶᠢᠨ ᠬᠡᠷᠡᠭ ᠤᠨ ᠶᠠᠯᠠᠲᠤ ᠬᠡᠷᠡᠭ ᠤᠨ ᠰᠡᠵᠢᠭᠲᠡᠨ᠂ ᠵᠠᠭᠠᠯᠳᠤᠭᠳᠠᠭᠴᠢ ᠨᠢ ᠨᠠᠰᠤᠨ ᠳᠤ ᠦᠯᠦ | ᠬᠦᠷᠦᠭᠰᠡᠳ᠂ ᠬᠠᠷᠠᠭ᠎ᠠ᠂ ᠰᠣᠨᠣᠷ᠂ ᠦᠭᠡ ᠶᠠᠷᠢᠶᠠᠨ ᠤ ᠰᠠᠭᠠᠲᠠᠯ ᠲᠠᠢ ᠵᠡᠮᠳᠡᠭ ᠬᠥᠮᠥᠨ᠂ ᠥᠪᠡᠷ ᠤᠨ | ᠠᠵᠢᠯᠯᠠᠭ᠎ᠠ ᠪᠠᠨ ᠪᠦᠷᠢᠮᠦᠰᠦᠨ ᠢᠯᠭᠠᠨ ᠲᠠᠨᠢᠵᠤ ᠴᠢᠳᠠᠬᠤ ᠦᠭᠡᠢ ᠨᠠᠰᠤᠨ ᠳᠤ ᠭᠦᠷᠦᠭᠰᠡᠳ᠂ ᠬᠤᠭᠤᠴᠠᠭ᠎ᠠ ᠦᠭᠡᠢ | ᠬᠤᠷᠢᠬᠤ ᠡᠷᠡᠭᠦᠦ᠂ ᠠᠯᠠᠬᠤ ᠡᠷᠡᠭᠦᠦ ᠪᠠᠷ ᠰᠢᠢᠳᠬᠡᠭᠳᠡᠵᠦ ᠮᠡᠳᠡᠬᠦ ᠬᠥᠮᠥᠨ᠂ ᠬᠠᠤᠯᠢ ᠴᠠᠭᠠᠵᠠ ᠶᠢᠨ ᠲᠤᠰᠠᠯᠠᠮᠵᠢ | ᠭᠤᠶᠤᠴᠢᠯᠠᠭᠰᠠᠨ ᠠᠯᠠᠬᠤ ᠡᠷᠡᠭᠦᠦ ᠶᠢ ᠳᠠᠬᠢᠨ ᠬᠢᠨᠠᠬᠤ ᠬᠡᠷᠡᠭ ᠤᠨ ᠵᠠᠭᠠᠯᠳᠤᠭᠳᠠᠭᠴᠢ᠂ ᠰᠠᠭᠠᠲᠠᠯ ᠲᠠᠢ ᠰᠢᠭᠦᠨ | ᠲᠠᠰᠤᠯᠤᠯᠲᠠ ᠶᠢᠨ ᠬᠡᠷᠡᠭ ᠤᠨ ᠵᠠᠭᠠᠯᠳᠤᠭᠳᠠᠭᠴᠢ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ | ᠪᠤᠰᠤᠳ ᠬᠥᠮᠥᠨ ᠪᠠᠶᠢᠭ᠎ᠠ ᠮᠥᠷᠲᠡᠭᠡᠨ ᠥᠮᠥᠭᠯᠡᠭᠴᠢ ᠳᠤ ᠨᠠᠶᠢᠳᠠᠭᠰᠠᠨ ᠦᠭᠡᠢ ᠪᠠᠶᠢᠪᠠᠯ᠂ ᠠᠷᠠᠳ ᠤᠨ ᠰᠢᠭᠦᠬᠦ | ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ | ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ ᠬᠠᠤᠯᠢᠴᠢ ᠲᠣᠮᠢᠯᠠᠭᠤᠯᠤᠨ ᠥᠮᠥᠭᠯᠡᠭᠴᠢ ᠪᠣᠯᠭᠠᠬᠤ ᠪᠠᠷ | ᠮᠡᠳᠡᠭᠳᠡᠬᠦ ᠬᠡᠷᠡᠭᠲᠡᠢ︔ | ︵3︶ ᠡ᠊ᠩ ᠤᠨ ᠵᠢᠷᠤᠮ ᠢᠶᠠᠷ ᠰᠢᠭᠦᠬᠦ ᠪᠤᠰᠤᠳ ᠡᠷᠡᠭᠦᠦ ᠶᠢᠨ ᠬᠡᠷᠡᠭ ᠲᠤ ᠵᠠᠭᠠᠯᠳᠤᠭᠳᠠᠭᠴᠢ ᠨᠢ | ᠥᠮᠥᠭᠯᠡᠭᠴᠢ ᠳᠤ ᠨᠠᠶᠢᠳᠠᠭᠰᠠᠨ ᠦᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠠᠴᠠ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠳᠤ ᠬᠠᠤᠯᠢᠴᠢ ᠲᠣᠮᠢᠯᠠᠭᠤᠯᠤᠨ ᠥᠮᠥᠭᠯᠡᠭᠴᠢ ᠪᠣᠯᠭᠠᠬᠤ ᠪᠠᠷ ᠮᠡᠳᠡᠭᠳᠡᠵᠦ ᠪᠣᠯᠣᠨ᠎ᠠ︔ | | ︵4︶ ᠡᠷᠡᠭᠦᠦ ᠶᠢᠨ ᠵᠠᠷᠭᠤ ᠶᠢᠨ ᠬᠡᠷᠡᠭ ᠤᠨ ᠬᠤᠣᠷᠯᠠᠭᠳᠠᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ | ᠣᠷᠣᠯᠠᠭᠴᠢ ᠪᠤᠶᠤ ᠣᠶᠢᠷ᠎ᠠ ᠲᠦᠷᠦᠯ ᠰᠠᠳᠤᠨ᠂ ᠡᠷᠡᠭᠦᠦ ᠶᠢᠨ ᠥᠪᠡᠰᠦᠪᠡᠨ ᠵᠠᠭᠠᠯᠳᠤᠭᠰᠠᠨ ᠬᠡᠷᠡᠭ ᠤᠨ ᠥᠪᠡᠰᠦᠪᠡᠨ | ᠵᠠᠭᠠᠯᠳᠤᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ᠂ ᠡᠷᠡᠭᠦᠦ ᠶᠢᠨ ᠬᠡᠷᠡᠭ ᠤᠨ | ᠳᠠᠭᠠᠯᠳᠤᠭᠰᠠᠨ ᠢᠷᠭᠡᠨ ᠤ ᠵᠠᠷᠭᠤ ᠶᠢᠨ ᠬᠡᠷᠡᠭ ᠤᠨ ᠵᠠᠭᠠᠯᠳᠤᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ | ᠣᠷᠣᠯᠠᠭᠴᠢ ᠨᠢ ᠠᠵᠤ ᠠᠬᠤᠢ ᠶᠢᠨ ᠬᠦᠴᠢᠷᠳᠡᠯ ᠠᠴᠠ ᠪᠣᠯᠵᠤ ᠵᠠᠷᠭᠤ ᠶᠢᠨ ᠣᠷᠣᠯᠠᠭᠴᠢ ᠳᠤ ᠨᠠᠶᠢᠳᠠᠭᠰᠠᠨ ᠦᠭᠡᠢ | ᠪᠠᠶᠢᠪᠠᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠬᠠᠤᠯᠢ ᠴᠠᠭᠠᠵᠠ ᠶᠢᠨ ᠲᠤᠰᠠᠯᠠᠮᠵᠢ | ᠭᠤᠶᠤᠴᠢᠯᠠᠵᠤ ᠪᠣᠯᠣᠨ᠎ᠠ︔ | ︵5︶ ᠠᠯᠪᠠᠳᠠᠨ ᠡᠮᠴᠢᠯᠡᠬᠦ ᠬᠡᠷᠡᠭ ᠤᠨ ᠭᠤᠶᠤᠴᠢᠯᠠᠭᠳᠠᠭᠴᠢ ᠪᠤᠶᠤ ᠵᠠᠭᠠᠯᠳᠤᠭᠳᠠᠭᠴᠢ ᠨᠢ ᠵᠠᠷᠭᠤ ᠶᠢᠨ | ᠣᠷᠣᠯᠠᠭᠴᠢ ᠳᠤ ᠨᠠᠶᠢᠳᠠᠭᠰᠠᠨ ᠦᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠠᠴᠠ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠳᠤ ᠬᠠᠤᠯᠢᠴᠢ ᠲᠣᠮᠢᠯᠠᠭᠤᠯᠵᠤ ᠲᠡᠳᠡᠨᠦᠰ ᠲᠤ ᠬᠠᠤᠯᠢ ᠴᠠᠭᠠᠵᠠ ᠶᠢᠨ ᠲᠤᠰᠠᠯᠠᠮᠵᠢ | ᠬᠠᠩᠭᠠᠯᠭᠠᠬᠤ ᠪᠠᠷ ᠮᠡᠳᠡᠭᠳᠡᠬᠦ ᠬᠡᠷᠡᠭᠲᠡᠢ᠃ | 2.ᠢᠷᠭᠡᠨ ᠤ ᠬᠡᠷᠡᠭ᠄ | ︵1︶ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠪᠤᠶᠤ ᠨᠡᠶᠢᠭᠡᠮ ᠤᠨ ᠠᠪᠤᠷᠠᠨ ᠲᠤᠰᠠᠯᠠᠯᠲᠠ ᠣᠯᠭᠤᠬᠤ ᠪᠠᠷ | ᠭᠤᠶᠤᠴᠢᠯᠠᠬᠤ︔ | ︵2︶ ᠠᠰᠠᠷᠠᠮᠵᠢ ᠶᠢᠨ ᠮᠥᠩᠭᠦ ᠣᠯᠭᠤᠬᠤ ᠪᠠᠷ ᠭᠤᠶᠤᠴᠢᠯᠠᠬᠤ︔ | ︵3︶ ᠠᠴᠢᠯᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ | ᠦᠭᠬᠦᠬᠦᠯᠬᠦ ᠪᠠᠷ ᠭᠤᠶᠤᠴᠢᠯᠠᠬᠤ︔ | ︵4︶ ᠬᠥᠳᠡᠯᠮᠦᠷᠢ ᠶᠢᠨ ᠬᠠᠷᠢᠴᠠᠭ᠎ᠠ ᠶᠢ ᠨᠤᠲᠠᠯᠠᠭᠤᠯᠬᠤ ᠪᠤᠶᠤ ᠬᠥᠳᠡᠯᠮᠦᠷᠢ ᠶᠢᠨ ᠬᠥᠯᠥᠰᠦ ᠣᠯᠭᠤᠮᠵᠢ | ᠦᠭᠬᠦᠬᠦᠯᠬᠦ ᠪᠠᠷ ᠭᠤᠶᠤᠴᠢᠯᠠᠬᠤ︔ | ︵5︶ ᠠᠷᠠᠳ ᠢᠷᠭᠡᠨ ᠤ ᠢᠷᠭᠡᠨ ᠤ ᠬᠡᠷᠡᠭ ᠤᠨ ᠦᠢᠯᠡ ᠠᠵᠢᠯᠯᠠᠭᠠᠨ ᠤ ᠴᠢᠳᠠᠪᠤᠷᠢ ᠦᠭᠡᠢ ᠪᠤᠶᠤ ᠢᠷᠭᠡᠨ ᠤ | ᠬᠡᠷᠡᠭ ᠤᠨ ᠦᠢᠯᠡ ᠠᠵᠢᠯᠯᠠᠭᠠᠨ ᠤ ᠴᠢᠳᠠᠪᠤᠷᠢ ᠨᠢ ᠬᠢᠵᠠᠭᠠᠷᠲᠠᠢ ᠪᠠᠶᠢᠬᠤ ᠶᠢ ᠮᠠᠭᠠᠳᠯᠠᠭᠤᠯᠬᠤ ᠪᠠᠷ ᠭᠤᠶᠤᠴᠢᠯᠠᠬᠤ︔ | | ︵6︶ ᠠᠵᠢᠯ ᠠᠴᠠ ᠪᠣᠯᠤᠭᠰᠠᠨ ᠭᠡᠮᠲᠦᠯ ᠤᠨ ᠠᠳᠡᠭᠳᠡᠯ᠂ ᠵᠠᠮ ᠬᠠᠷᠢᠯᠴᠠᠭᠠᠨ ᠤ ᠠᠳᠡᠯ᠂ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠠᠳᠡᠭᠳᠡᠯ᠂ ᠡᠮᠴᠢᠯᠡᠭᠡᠨ ᠤ ᠠᠳᠡᠭᠳᠡᠯ ᠤᠨ ᠬᠥᠮᠥᠨ ᠤ ᠪᠡᠶ᠎ᠡ ᠶᠢᠨ | ᠬᠤᠬᠢᠷᠠᠯ ᠢ ᠲᠥᠯᠥᠭᠦᠯᠬᠦ ᠪᠠᠷ ᠭᠤᠶᠤᠴᠢᠯᠠᠬᠤ︔ | ︵7︶ ᠣᠷᠴᠢᠨ ᠲᠣᠭᠤᠷᠢᠨ ᠤ ᠪᠣᠬᠢᠷᠲᠤᠯ᠂ ᠠᠮᠢ ᠠᠬᠤᠢ ᠶᠢᠨ ᠡᠪᠳᠡᠭᠳᠡᠯ ᠤᠨ ᠬᠤᠬᠢᠷᠠᠯ ᠢ ᠲᠥᠯᠥᠭᠦᠯᠬᠦ ᠪᠠᠷ | ᠭᠤᠶᠤᠴᠢᠯᠠᠬᠤ︔ | ︵8︶ ᠦᠷᠡᠭᠳᠡᠭᠰᠡᠨ ᠪᠠᠭᠠᠲᠤᠷᠴᠤᠳ ᠤᠨ ᠣᠶᠢᠷ᠎ᠠ ᠲᠦᠷᠦᠯ ᠰᠠᠳᠤᠨ ᠨᠢ ᠦᠷᠡᠭᠳᠡᠭᠰᠡᠨ ᠪᠠᠭᠠᠲᠤᠷᠴᠤᠳ ᠤᠨ | ᠬᠥᠮᠥᠨ ᠬᠡᠮ ᠤᠨ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠲᠤᠰᠠᠯᠠᠮᠵᠢ ᠭᠤᠶᠤᠴᠢᠯᠠᠬᠤ︔ | ︵9︶ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠠᠵᠢᠯᠯᠠᠭ᠎ᠠ ᠠᠴᠠ ᠪᠣᠯᠵᠤ ᠬᠠᠮᠢᠶ᠎ᠠ ᠪᠦᠬᠦᠢ | ᠢᠷᠭᠡᠨ ᠤ ᠬᠡᠷᠡᠭ ᠤᠨ ᠡᠷᠬᠡ ᠠᠰᠢᠭ ᠢ ᠵᠣᠷᠢᠬᠤ︔ | ︵10︶ ᠬᠠᠯᠠ ᠠᠮᠰᠠᠭᠴᠢ᠂ ᠣᠷᠬᠢᠭᠳᠠᠵᠤ ᠭᠤᠯᠣᠭᠳᠠᠭᠰᠠᠨ ᠪᠤᠶᠤ ᠭᠡᠷ ᠪᠦᠯᠢ ᠶᠢᠨ ᠬᠦᠴᠦᠷᠬᠡᠭᠯᠡᠯ ᠤᠨ | ᠬᠤᠣᠷ ᠠᠮᠰᠠᠭᠴᠢ ᠬᠠᠮᠢᠶ᠎ᠠ ᠪᠦᠬᠦᠢ ᠡᠷᠬᠡ ᠠᠰᠢᠭ ᠢ ᠵᠣᠷᠢᠬᠤ︔ | ︵11︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠪᠠᠶᠢᠳᠠᠯ ᠤᠨ ᠵᠡᠷᠭᠡ ᠵᠦᠢᠯᠡᠰ᠃ | 3.ᠵᠠᠰᠠᠭ ᠵᠠᠬᠢᠷᠭᠠᠨ ᠤ ᠬᠡᠷᠡᠭ᠄ | ︵1︶ ᠬᠠᠤᠯᠢ ᠶᠣᠰᠣᠭᠠᠷ ᠤᠯᠤᠰ ᠤᠨ ᠲᠥᠯᠥᠪᠦᠷᠢ ᠶᠢ ᠭᠤᠶᠤᠴᠢᠯᠠᠬᠤ︔ | ︵2︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠪᠠᠶᠢᠳᠠᠯ ᠵᠡᠷᠭᠡ ᠵᠦᠢᠯᠡᠰ᠃ | 4.ᠪᠤᠰᠤᠳ ᠬᠡᠷᠡᠭ᠄ ᠲᠤᠬᠠᠢ ᠶᠢᠨ ᠬᠥᠮᠥᠨ ᠨᠢ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠦᠴᠦᠨ ᠲᠠᠢ | ᠪᠣᠯᠤᠭᠰᠠᠨ ᠲᠠᠰᠤᠯᠤᠨ ᠲᠣᠭᠲᠠᠭᠠᠯᠲᠠ ᠶᠢ ᠵᠥᠪᠰᠢᠶᠡᠷᠡᠬᠦ ᠦᠭᠡᠢ ᠪᠤᠶᠤ ᠭᠤᠮᠣᠳᠠᠯ ᠲᠣᠭᠠᠴᠢᠬᠤ ᠪᠠᠷ ᠳᠤᠷᠠᠳᠤᠭᠰᠠᠨ | ᠡᠰᠡᠬᠦᠯ᠎ᠡ ᠲᠠᠬᠢᠨ ᠰᠢᠭᠦᠯᠭᠡᠬᠦ ᠪᠠᠷ ᠭᠤᠶᠤᠴᠢᠯᠠᠭᠰᠠᠨ᠂ ᠠᠷᠠᠳ ᠤᠨ ᠰᠢᠭᠦᠬᠦ ᠬᠤᠷᠢᠶ᠎ᠠ ᠨᠢ ᠲᠠᠬᠢᠨ ᠰᠢᠭᠦᠬᠦ ᠪᠠᠷ | ᠰᠢᠢᠳᠦᠭᠰᠡᠨ᠂ ᠰᠢᠭᠦᠨ ᠲᠣᠭᠲᠠᠭᠠᠭᠰᠠᠨ ᠪᠤᠶᠤ ᠠᠷᠠᠳ ᠤᠨ ᠪᠠᠶᠢᠴᠠᠭᠠᠬᠤ ᠬᠤᠷᠢᠶ᠎ᠠ ᠨᠢ ᠡᠰᠡᠷᠭᠦᠴᠡᠭᠰᠡᠨ ᠵᠠᠭᠠᠯᠳᠤᠯᠭ᠎ᠠ | ᠭᠠᠷᠭᠠᠭᠰᠠᠨ ᠳᠤ ᠠᠵᠤ ᠠᠬᠤᠢ ᠶᠢᠨ ᠬᠦᠴᠢᠷᠳᠡᠯ ᠠᠴᠠ ᠪᠣᠯᠵᠤ ᠥᠮᠥᠭᠯᠡᠭᠴᠢ ᠪᠤᠶᠤ ᠵᠠᠷᠭᠤ ᠶᠢᠨ ᠣᠷᠣᠯᠠᠭᠴᠢ ᠳᠤ | ᠨᠠᠶᠢᠳᠠᠭᠰᠠᠨ ᠦᠭᠡᠢ ᠬᠡᠷᠡᠭ᠃ | ︵ᠬᠤᠶᠠᠷ︶ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ᠃ ᠬᠠᠤᠯᠢ ᠴᠠᠭᠠᠵᠠ ᠶᠢᠨ | ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠳᠤ ᠪᠠᠨ᠂ ᠬᠠᠤᠯᠢᠴᠢ ᠶᠢᠨ ᠬᠡᠷᠡᠭ ᠳᠠᠭᠠᠭᠠᠨ | ᠭᠦᠢᠴᠡᠳᠬᠡᠬᠦ ᠥᠪᠡᠷ ᠤᠨ ᠥᠷᠲᠡᠭ᠂ ᠦᠨᠳᠦᠰᠦᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠵᠡᠷᠭᠡ ᠬᠦᠴᠦᠨ | ᠵᠦᠢᠯ ᠢ ᠦᠨᠳᠦᠰᠦᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ ᠶᠢ ᠵᠣᠬᠢᠮᠵᠢᠲᠠᠢ ᠪᠠᠷ | ᠳᠡᠭᠡᠭᠰᠢᠯᠡᠭᠦᠯᠦᠨ᠎ᠡ᠃ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠬᠡᠷᠡᠭ ᠨᠢᠭᠡ | ᠪᠦᠷᠢ ᠳᠤ ᠨᠢ ᠡᠩ ᠤᠨ ᠪᠠᠶᠢᠳᠠᠯ ᠳᠤ 800 ᠲᠥᠭᠦᠷᠢᠭ ᠠᠴᠠ 1600 ᠲᠥᠭᠦᠷᠢᠭ ᠤᠨ ᠨᠡᠮᠡᠭᠦᠷᠢ ᠥᠭᠴᠦ᠂ | ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ ᠬᠡᠷᠡᠭ ᠨᠢᠭᠡ | ᠪᠦᠷᠢ ᠳᠤ ᠨᠢ ᠡᠩ ᠤᠨ ᠪᠠᠶᠢᠳᠠᠯ ᠳᠤ 1000 ᠲᠥᠭᠦᠷᠢᠭ ᠠᠴᠠ 1800 ᠲᠥᠭᠦᠷᠢᠭ ᠤᠨ ᠨᠡᠮᠡᠭᠦᠷᠢ ᠥᠭᠭᠦᠨ᠎ᠡ᠃ | ᠠᠯᠠᠬᠤ ᠡᠷᠡᠭᠦᠦ ᠶᠢᠨ ᠬᠤᠶᠠᠳᠠᠭᠢ ᠰᠢᠭᠦᠯᠲᠡ ᠶᠢᠨ ᠬᠡᠷᠡᠭ ᠲᠤ ᠨᠢᠭᠡᠳᠦᠭᠡᠷ ᠰᠢᠭᠦᠯᠲᠡ ᠶᠢᠨ ᠬᠠᠤᠯᠢᠴᠢ ᠶᠢ | ᠦᠷᠭᠦᠯᠵᠢᠯᠡᠨ ᠬᠡᠷᠡᠭᠯᠡᠭᠰᠡᠨ ᠪᠤᠶᠤ ᠡᠷᠡᠭᠦᠦ ᠶᠢᠨ ᠬᠡᠷᠡᠭ ᠤᠨ ᠵᠠᠭᠠᠯᠳᠤᠭᠳᠠᠭᠴᠢ ᠶᠢᠨ ᠬᠤᠷᠢᠵᠤ ᠪᠠᠶᠢᠭ᠎ᠠ ᠭᠠᠵᠠᠷ ᠠᠴᠠ | ᠳᠠᠬᠢᠵᠤ ᠬᠠᠤᠯᠢᠴᠢ ᠲᠣᠮᠢᠯᠠᠭᠰᠠᠨ ᠬᠡᠷᠡᠭ ᠨᠢᠭᠡ ᠪᠦᠷᠢ ᠳᠤ ᠨᠢ ᠡᠩ ᠤᠨ ᠪᠠᠶᠢᠳᠠᠯ ᠳᠤ 1400 ᠲᠥᠭᠦᠷᠢᠭ ᠠᠴᠠ | 2600 ᠲᠥᠭᠦᠷᠢᠭ ᠤᠨ ᠨᠡᠮᠡᠭᠦᠷᠢ ᠥᠭᠭᠦᠨ᠎ᠡ᠃ ᠣᠨᠳᠣᠣ ᠭᠠᠵᠠᠷ ᠠᠴᠠ ᠭᠡᠷᠡᠴᠢ ᠠᠪᠬᠤ ᠴᠢᠬᠤᠯᠠᠲᠠᠢ ᠪᠠ ᠲᠦᠪᠡᠭ | ᠪᠤᠳᠤᠯᠢᠶᠠᠨᠲᠠᠢ ᠣᠨᠴᠠ ᠵᠠᠷᠢᠮ ᠬᠡᠷᠡᠭ ᠲᠤ᠂ ᠬᠡᠷᠡᠭ ᠢ ᠬᠦᠯᠢᠶᠡᠨ ᠠᠪᠤᠭᠰᠠᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠬᠠᠷᠭᠤᠭᠤᠯᠤᠨ ᠵᠥᠪᠰᠢᠶᠡᠷᠡᠭᠦᠯᠦᠭᠰᠡᠨ ᠤ ᠳᠠᠷᠠᠭ᠎ᠠ ᠬᠠᠤᠯᠢ | ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢ ᠵᠣᠬᠢᠮᠵᠢᠲᠠᠢ ᠨᠡᠮᠡᠭᠳᠡᠭᠦᠯᠵᠦ ᠪᠣᠯᠣᠨ᠎ᠠ᠃ ᠬᠠᠤᠯᠢ ᠴᠠᠭᠠᠵᠠ ᠶᠢᠨ | ᠲᠤᠰᠠᠯᠠᠮᠵᠢ ᠶᠢᠨ ᠵᠢᠵᠢᠭᠦᠷᠯᠡᠬᠦ ᠬᠠᠤᠯᠢᠴᠢ ᠳᠤ ᠠᠵᠢᠯᠯᠠᠬᠤ ᠡᠳᠦᠷ ᠪᠦᠷᠢ 200 ᠲᠥᠭᠦᠷᠢᠭ ᠠᠴᠠ 500 | ᠲᠥᠭᠦᠷᠢᠭ ᠤᠨ ᠨᠡᠮᠡᠭᠦᠷᠢ ᠥᠭᠭᠦᠨ᠎ᠡ᠃ ᠨᠥᠬᠦᠴᠡᠯ ᠲᠠᠢ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠠᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠶᠢᠨ ᠪᠠᠷᠢᠮᠵᠢᠶ᠎ᠠ ᠪᠠᠨ ᠵᠣᠬᠢᠮᠵᠢᠲᠠᠢ ᠳᠡᠭᠡᠭᠰᠢᠯᠡᠭᠦᠯᠵᠦ ᠪᠣᠯᠣᠨ᠎ᠠ᠃ | ᠭᠤᠷᠪᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠡᠯ᠎ᠡ ᠵᠦᠢᠯ ᠤᠨ ᠠᠵᠢᠯ ᠢᠶᠠᠨ ᠬᠢᠨᠠᠮᠠᠭᠠᠢ ᠰᠠᠶᠢᠲᠤᠷ ᠬᠢᠬᠦ | ᠬᠡᠷᠡᠭᠲᠡᠢ | ︵ᠨᠢᠭᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ | ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯ ᠬᠠᠤᠯᠢ ᠴᠠᠭᠠᠵᠠ ᠶᠢᠨ | ᠲᠤᠰᠠᠯᠠᠮᠵᠢ ᠶᠢᠨ ᠠᠵᠢᠯ ᠢ ᠵᠢᠯᠤᠭᠤᠳᠬᠤ᠂ ᠬᠢᠨᠠᠯᠲᠠ ᠲᠠᠯᠪᠢᠬᠤ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠯᠣᠨ᠎ᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠣᠳᠠᠲᠠᠢ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠪᠦᠬᠦ | ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠦᠬᠦ ᠣᠷᠣᠨ ᠤ | ᠬᠠᠤᠯᠢ ᠴᠠᠭᠠᠵᠠ ᠶᠢᠨ ᠲᠤᠰᠠᠯᠠᠮᠵᠢ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠪᠦᠬᠦ ᠣᠷᠣᠨ ᠤ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠳᠤ ᠬᠢᠨᠠᠯᠲᠠ ᠲᠠᠯᠪᠢᠵᠤ | ᠬᠠᠮᠢᠶᠠᠷᠬᠤ ᠠᠵᠢᠯ ᠢ ᠡᠭᠦᠷᠭᠡᠯᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠶᠢᠨ ᠳᠤᠷ᠎ᠠ ᠶᠢᠨ | ᠠᠵᠢᠯᠯᠠᠭᠰᠠᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠥᠷᠨᠢᠭᠦᠯᠬᠦ ᠶᠢ ᠨᠢ ᠵᠢᠯᠣᠭᠤᠳᠤᠨ᠎ᠠ᠃ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠢ ᠬᠠᠤᠯᠢ ᠴᠠᠭᠠᠵᠠ ᠶᠢᠨ | ᠲᠤᠰᠠᠯᠠᠮᠵᠢ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠭᠤᠶᠤᠴᠢᠯᠠᠯ ᠢ ᠬᠦᠯᠢᠶᠡᠨ ᠠᠪᠬᠤ ᠪᠠ ᠬᠢᠨᠠᠨ ᠪᠠᠶᠢᠴᠠᠭᠠᠵᠤ᠂ ᠬᠠᠤᠯᠢᠴᠢ᠂ ᠦᠨᠳᠦᠰᠦᠨ ᠱᠠᠲᠤᠨ ᠤ | ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ | ᠠᠵᠢᠯᠯᠠᠭᠰᠠᠳ ᠵᠡᠷᠭᠡ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠢ ᠵᠢᠭᠠᠨ ᠲᠣᠮᠢᠯᠠᠵᠤ ᠬᠠᠤᠯᠢ | ᠴᠠᠭᠠᠵᠠ ᠶᠢᠨ ᠲᠤᠰᠠᠯᠠᠮᠵᠢ ᠬᠠᠩᠭᠠᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠮᠡᠭᠦᠷᠢ ᠥᠭᠴᠦ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠳᠦᠷᠢᠮ ᠤᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ | ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠨᠢ ᠠᠵᠢᠯ ᠤᠨ ᠡᠭᠦᠷᠭᠡ ᠴᠢᠳᠠᠪᠤᠷᠢ ᠪᠠᠨ ᠬᠢᠨᠠᠮᠠᠭᠠᠢ ᠭᠦᠢᠴᠡᠳᠬᠡᠵᠦ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠠᠵᠢᠯ ᠥᠷᠨᠢᠭᠦᠯᠬᠦ ᠳᠤ ᠪᠠᠲᠤᠯᠠᠭ᠎ᠠ ᠬᠠᠩᠭᠠᠬᠤ ᠬᠡᠷᠡᠭᠲᠡᠢ᠃ | ︵ᠬᠤᠶᠠᠷ︶ ᠪᠠᠶᠢᠭᠤᠯᠤᠮᠵᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ︽ᠬᠠᠤᠯᠢ | ᠴᠠᠭᠠᠵᠠ ᠶᠢᠨ ᠲᠤᠰᠠᠯᠠᠮᠵᠢ ᠶᠢᠨ ᠬᠠᠤᠯᠢ︾ ᠳᠠᠬᠢ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠪᠠᠶᠢᠭᠤᠯᠬᠤ ᠬᠡᠷᠡᠭᠲᠡᠢ︾ ᠭᠡᠰᠡᠨ ᠱᠠᠭᠠᠷᠳᠠᠯᠭ᠎ᠠ ᠶᠣᠰᠣᠭᠠᠷ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ᠠᠵᠢᠯᠲᠠᠨ ᠤ ᠬᠦᠴᠦᠨ ᠢᠶᠠᠨ ᠲᠡᠭᠦᠯᠳᠡᠷᠵᠢᠭᠦᠯᠦᠨ᠂ | ᠠᠵᠢᠯ ᠤᠨ ᠬᠦᠴᠦᠨ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠬᠦ | ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠲᠤᠰᠠᠯᠠᠬᠤ | ᠡᠭᠦᠷᠭᠡ ᠴᠢᠳᠠᠪᠤᠷᠢ ᠪᠠᠨ ᠴᠢᠩᠭᠠᠷᠠᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠡᠩᠨᠡᠭᠡ ᠶᠢ | ᠬᠤᠪᠢᠰᠬᠠᠯᠵᠢᠭᠤᠯᠬᠤ᠂ ᠵᠢᠩᠬᠢᠨᠢᠴᠢᠯᠡᠬᠦ᠂ ᠲᠤᠰᠬᠠᠶᠢᠵᠢᠭᠤᠯᠬᠤ᠂ ᠠᠵᠢᠯ ᠮᠡᠷᠭᠡᠵᠢᠯ ᠤᠨ ᠪᠣᠯᠭᠠᠬᠤ | ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ | ᠬᠠᠤᠯᠢᠴᠢ ᠶᠢᠨ ᠬᠢᠷᠢ ᠬᠡᠮ ᠲᠠᠢ ᠪᠤᠶᠤ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠲᠠᠢ ᠠᠵᠢᠯᠲᠠᠨ | ᠬᠡᠷᠡᠭ ᠰᠢᠢᠳᠪᠦᠷᠢᠯᠡᠬᠦ ᠶᠢ ᠨᠢ ᠵᠣᠷᠢᠭᠵᠢᠭᠤᠯᠤᠨ᠂ ᠬᠠᠤᠯᠢ ᠲᠣᠭᠲᠠᠭᠠᠯ ᠶᠣᠰᠣᠭᠠᠷ ᠦᠨᠡᠨᠴᠢ ᠢᠲᠡᠭᠡᠮᠵᠢᠲᠡᠢ ᠠᠵᠢᠯ | ᠡᠷᠬᠢᠯᠡᠬᠦ ᠶᠢ ᠠᠬᠢᠭᠤᠯᠵᠤ᠂ ᠢᠲᠡᠭᠡᠯ ᠵᠣᠷᠢᠭ ᠨᠢ ᠡᠷᠡᠰ ᠪᠠᠲᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ | ᠵᠣᠷᠢᠭᠲᠠᠢ ᠪᠠᠷ ᠡᠭᠦᠷᠭᠡᠯᠡᠬᠦ᠂ ᠠᠷᠢᠭᠤᠨ ᠴᠢᠬᠡᠴᠢ ᠪᠠᠶᠢᠬᠤ ᠬᠠᠤᠯᠢ ᠴᠠᠭᠠᠵᠠ ᠶᠢᠨ ᠲᠤᠰᠠᠯᠠᠮᠵᠢ ᠶᠢᠨ ᠡᠩᠨᠡᠭᠡ ᠶᠢ | ᠴᠢᠷᠮᠠᠶᠢᠨ ᠪᠠᠶᠢᠭᠤᠯᠬᠤ ᠬᠡᠷᠡᠭᠲᠡᠢ᠃ ᠪᠣᠳᠠᠲᠠᠢ ᠲᠠᠢ ᠪᠠᠨ ᠤᠶᠠᠯᠳᠤᠭᠤᠯᠤᠨ᠂ ᠲᠤᠰᠬᠠᠢ ᠰᠡᠳᠦᠪᠲᠦ ᠲᠠᠶᠢᠯᠤᠮᠵᠢ᠂ | ᠪᠣᠯᠪᠠᠰᠤᠷᠠᠯ ᠤᠨ ᠠᠩᠭᠢ᠂ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠵᠡᠷᠭᠡ ᠣᠯᠠᠨ ᠵᠦᠢᠯ ᠤᠨ ᠬᠡᠯᠪᠡᠷᠢ ᠪᠠᠷ | ᠳᠠᠮᠵᠢᠭᠤᠯᠤᠨ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠰᠤᠷᠤᠯᠴᠠᠯᠭ᠎ᠠ ᠪᠣᠯᠪᠠᠰᠤᠷᠠᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠤ ᠬᠡᠷᠡᠭ ᠰᠢᠢᠳᠪᠦᠷᠢᠯᠡᠬᠦ ᠴᠢᠳᠠᠪᠤᠷᠢ ᠪᠣᠯᠣᠨ ᠬᠢᠷᠢ | ᠬᠡᠮᠵᠢᠶ᠎ᠡ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠲᠤᠰᠠᠯᠠᠮᠵᠢ ᠬᠤᠳᠠᠯᠳᠤᠨ ᠠᠪᠬᠤ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠤᠨ᠂ ᠨᠡᠶᠢᠭᠡᠮ ᠤᠨ ᠠᠵᠢᠯᠲᠠᠳ ᠢ | ᠬᠠᠤᠯᠢ ᠴᠠᠭᠠᠵᠠ ᠶᠢᠨ ᠲᠤᠰᠠᠯᠠᠮᠵᠢ ᠳᠤ ᠲᠠᠲᠠᠨ ᠣᠷᠣᠯᠴᠠᠭᠤᠯᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ︵ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ | ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ︶᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠨᠤᠭᠤᠳ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠵᠢᠯᠣᠭᠤᠳᠤᠯᠭ᠎ᠠ ᠳᠣᠣᠷ᠎ᠠ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠶᠢ ᠨᠢ | ᠵᠣᠷᠢᠭᠵᠢᠭᠤᠯᠤᠨ ᠳᠡᠮᠵᠢᠬᠦ ᠬᠡᠷᠡᠭᠲᠡᠢ᠃ ᠡᠯ᠎ᠡ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠨᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠠᠤᠯᠢᠴᠢ ᠶᠢᠨ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠠᠶᠢᠲᠤᠷ | ᠰᠢᠢᠳᠪᠦᠷᠢᠯᠡᠵᠦ᠂ ᠲᠠᠷᠢᠶᠠᠯᠠᠬᠤ ᠮᠠᠯᠵᠢᠬᠤ ᠣᠷᠣᠨ ᠳᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯᠲᠠᠨ ᠤ ᠦᠢᠯᠡᠳᠦᠯ ᠢ ᠨᠢ ᠴᠢᠬᠤᠯᠠᠴᠢᠯᠠᠨ ᠪᠠᠳᠠᠷᠠᠭᠤᠯᠵᠤ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ | ︵ᠭᠤᠷᠪᠠ︶ ᠬᠠᠤᠯᠢ ᠴᠠᠭᠠᠵᠠ ᠶᠢᠨ ᠲᠤᠰᠠᠯᠠᠮᠵᠢ ᠶᠢᠨ ᠬᠢᠵᠠᠭᠠᠷᠯᠠᠯ ᠢ ᠨᠢ ᠪᠠᠭᠠᠰᠬᠠᠬᠤ ᠬᠡᠷᠡᠭᠲᠡᠢ᠃ ᠬᠠᠤᠯᠢ | ᠴᠠᠭᠠᠵᠠ ᠶᠢᠨ ᠲᠤᠰᠠᠯᠠᠮᠵᠢ ᠶᠢᠨ ᠡᠬᠢ ᠪᠠᠶᠠᠯᠢᠭ ᠤᠨ ᠪᠠᠶᠢᠳᠠᠯ ᠪᠣᠯᠣᠨ ᠠᠷᠠᠳ ᠢᠷᠭᠡᠳ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠠᠵᠤ ᠠᠬᠤᠢ ᠶᠢᠨ ᠬᠦᠴᠢᠷᠳᠡᠯ ᠤᠨ ᠪᠠᠷᠢᠮᠵᠢᠶ᠎ᠠ ᠨᠢ ᠬᠤᠲᠠ ᠪᠠᠯᠭᠠᠰᠤ ᠶᠢᠨ | ᠰᠠᠭᠤᠭᠠᠯᠢ ᠠᠷᠠᠳ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠪᠣᠯᠣᠨ ᠲᠠᠷᠢᠶᠠᠯᠠᠬᠤ ᠮᠠᠯᠵᠢᠬᠤ ᠣᠷᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠠᠴᠠ | ᠳᠣᠷᠣᠭᠰᠢ ᠪᠠᠶᠢᠪᠠᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠮᠤᠷᠬᠤ ᠬᠥᠮᠥᠰ ᠢ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠬᠥᠮᠥᠰ ᠠᠴᠠ ᠣᠷᠣᠯᠭ᠎ᠠ ᠪᠠᠭᠠᠲᠠᠢ ᠬᠥᠮᠥᠰ ᠬᠦᠷᠲᠡᠯ᠎ᠡ ᠥᠷᠭᠡᠳᠬᠡᠨ᠂ ᠨᠡᠩ ᠣᠯᠠᠨ ᠬᠦᠴᠢᠷᠳᠡᠯᠲᠡᠢ | ᠣᠯᠠᠨ ᠲᠦᠮᠡᠨ ᠳᠤ ᠬᠠᠷᠠᠭᠠᠯᠵᠠᠯ ᠦᠵᠡᠭᠦᠯᠭᠦ ᠬᠡᠷᠡᠭᠲᠡᠢ᠃ ᠪᠠᠶᠢᠭᠠᠯᠢ ᠶᠢᠨ ᠭᠠᠢ ᠭᠠᠮᠰᠢᠭ ᠪᠤᠶᠤ ᠪᠤᠰᠤᠳ ᠳᠠᠪᠠᠰᠢ | ᠦᠭᠡᠢ ᠬᠦᠴᠦᠨ ᠵᠡᠷᠭᠡ ᠰᠢᠯᠲᠠᠭᠠᠨ ᠠᠴᠠ ᠪᠣᠯᠵᠤ ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ ᠪᠣᠯᠵᠤ᠂ ᠬᠠᠤᠯᠢ | ᠴᠠᠭᠠᠵᠠ ᠶᠢᠨ ᠦᠢᠯᠡᠴᠢᠯᠡᠭᠡᠨ ᠤ ᠵᠠᠷᠤᠳᠠᠯ ᠢ ᠥᠭᠬᠦ ᠴᠢᠳᠠᠯ ᠦᠭᠡᠢ ᠪᠣᠯᠤᠭᠰᠠᠨ ᠪᠠᠶᠢᠪᠠᠯ᠂ ᠠᠵᠤ ᠠᠬᠤᠢ ᠨᠢ | ᠬᠦᠴᠢᠷᠳᠡᠯᠲᠡᠢ ᠲᠠᠢ ᠪᠠᠷ ᠦᠵᠡᠨ᠎ᠡ︔ ᠣᠨᠴᠠᠭᠠᠢ᠂ ᠨᠡᠶᠢᠲᠡᠯᠢᠭ ᠬᠡᠷᠡᠭ ᠲᠠᠬᠢ ᠠᠵᠤ ᠠᠬᠤᠢ ᠶᠢᠨ ᠬᠦᠴᠢᠷᠳᠡᠯ ᠤᠨ | ᠪᠠᠷᠢᠮᠵᠢᠶ᠎ᠠ ᠶᠢ ᠵᠣᠬᠢᠰᠲᠠᠢ ᠪᠠᠷ ᠠᠭᠤᠵᠢᠭᠤ ᠲᠠᠯᠪᠢᠬᠤ ᠬᠡᠷᠡᠭᠲᠡᠢ᠃ ᠬᠠᠤᠯᠢ ᠴᠠᠭᠠᠵᠠ ᠶᠢᠨ ᠲᠤᠰᠠᠯᠠᠮᠵᠢ | ᠭᠤᠶᠤᠴᠢᠯᠠᠭᠴᠢ ᠶᠢᠨ ᠰᠠᠭᠤᠭ᠎ᠠ ᠭᠠᠵᠠᠷ ᠪᠣᠯᠣᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠬᠠᠤᠯᠢ | ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠠᠵᠤ ᠠᠬᠤᠢ ᠶᠢᠨ ᠬᠦᠴᠢᠷᠳᠡᠯ ᠤᠨ | ᠪᠠᠷᠢᠮᠵᠢᠶ᠎ᠠ ᠨᠢ ᠨᠢᠭᠡᠳᠦᠯ ᠦᠭᠡᠢ ᠪᠣᠯ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ | ᠠᠵᠤ ᠠᠬᠤᠢ ᠶᠢᠨ ᠬᠦᠴᠢᠷᠳᠡᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ | ︵ᠳᠥᠷᠪᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠬᠠᠤᠯᠢ | ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶᠡᠨ ᠤ ᠪᠠᠶᠢᠭᠤᠯᠤᠯᠲᠠ ᠪᠠᠨ ᠦᠷᠭᠦᠯᠵᠢᠯᠡᠨ | ᠥᠷᠭᠡᠵᠢᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠠᠷᠭ᠎ᠠ ᠵᠠᠮ ᠢᠶᠠᠨ ᠥᠷᠭᠡᠳᠬᠡᠨ᠂ ᠬᠠᠤᠯᠢ | ᠴᠠᠭᠠᠵᠠ ᠶᠢᠨ ᠲᠤᠰᠠᠯᠠᠮᠵᠢ ᠶᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢᠶᠠᠨ | ᠳᠥᠭᠦᠮᠴᠢᠯᠡᠵᠦ᠂ ᠠᠵᠤ ᠠᠬᠤᠢ ᠶᠢᠨ ᠬᠦᠴᠢᠷᠳᠡᠯ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ | ᠠᠬᠢᠭᠤᠯᠬᠤ ᠬᠡᠷᠡᠭᠲᠡᠢ᠃ ᠪᠠᠶᠢᠳᠠᠯ ᠨᠢ ᠪᠠᠴᠢᠮ ᠲᠤᠯᠭᠠᠮ ᠪᠣᠯᠬᠤ ᠬᠡᠷᠡᠭ ᠪᠣᠯ ᠤᠷᠢᠳ ᠢᠶᠠᠷ ᠬᠦᠯᠢᠶᠡᠨ ᠠᠪᠴᠤ | ᠰᠢᠢᠳᠪᠦᠷᠢᠯᠡᠨ᠂ ᠳᠠᠷᠠᠭ᠎ᠠ ᠳᠤ ᠨᠢ ᠭᠠᠷᠳᠠᠮ ᠢᠶᠠᠨ ᠨᠥᠬᠦᠨ ᠭᠦᠢᠴᠡᠳᠬᠡᠵᠦ ᠪᠣᠯᠣᠨ᠎ᠠ᠃ ᠬᠠᠤᠯᠢ ᠴᠠᠭᠠᠵᠠ ᠶᠢᠨ | ᠲᠤᠰᠠᠯᠠᠮᠵᠢ ᠶᠢᠨ ᠣᠨᠳᠣᠣ ᠭᠠᠵᠠᠷ ᠤᠨ ᠬᠠᠮᠵᠢᠯᠴᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠬᠦᠴᠢᠷᠳᠡᠯᠲᠡᠢ ᠣᠯᠠᠨ ᠲᠦᠮᠡᠨ ᠤ ᠣᠨᠳᠣᠣ ᠭᠠᠵᠠᠷ ᠲᠤ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠳᠤ ᠨᠢ | ᠳᠥᠭᠦᠮ ᠦᠵᠡᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠬᠢᠭᠡᠳ ᠠᠷᠠᠳ ᠤᠨ ᠡᠶᠡᠳᠡᠭᠦᠯᠭᠡ᠂ ᠵᠠᠰᠠᠭ | ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠪᠦᠲᠦᠮᠵᠢᠲᠡᠶ ᠵᠣᠯᠭᠠᠭᠤᠯᠬᠤ ᠲᠣᠭᠲᠠᠴᠠ ᠪᠠᠨ | ᠪᠦᠷᠢᠨᠰᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠠᠳ ᠲᠤ ᠳᠥᠭᠦᠮ ᠦᠵᠡᠭᠦᠯᠬᠦ ᠠᠵᠢᠯ ᠤᠨ | ᠪᠠᠶᠢᠩᠭᠤᠵᠢᠬᠤ ᠶᠢ ᠠᠬᠢᠭᠤᠯᠬᠤ ᠬᠡᠷᠡᠭᠲᠡᠢ᠃ | ︵ᠲᠠᠪᠤ︶ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠬᠡᠷᠡᠭᠲᠡᠢ᠃ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠴᠢᠩᠭᠠᠳᠬᠠᠨ᠂ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠡᠯ᠎ᠡ ᠭᠤᠭᠴᠣᠭᠠᠨ ᠳᠠᠬᠢ ᠠᠵᠢᠯ ᠤᠨ ᠳᠡᠰ ᠳᠠᠷᠠᠭᠠᠯᠠᠯ᠂ | ᠠᠵᠢᠯ ᠤᠨ ᠳᠦᠷᠢᠮ ᠪᠣᠯᠣᠨ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠬᠠᠤᠯᠢ ᠴᠠᠭᠠᠵᠠ ᠶᠢᠨ | ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠳᠤ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠵᠦ᠂ | ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠪᠠᠶᠢᠴᠠᠭᠠᠬᠤ ᠳᠦᠷᠢᠮ᠂ ᠮᠦᠷᠳᠡᠨ | ᠳᠠᠭᠠᠬᠤ ᠳᠦᠷᠢᠮ᠂ ᠵᠠᠭᠠᠯᠳᠤᠯᠭ᠎ᠠ ᠶᠢ ᠰᠢᠢᠳᠪᠦᠷᠢᠯᠡᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ | ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠦᠨᠡᠯᠡᠨ ᠵᠢᠱᠢᠬᠦ ᠲᠣᠭᠲᠠᠯᠴᠠᠭ᠎ᠠ ᠶᠢ | ᠰᠦᠪᠡᠭᠴᠢᠯᠡᠨ ᠪᠠᠶᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ | ᠲᠦᠪᠰᠢᠨ ᠢ ᠨᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠴᠢᠨᠠᠷ ᠴᠢᠨᠰᠠᠭ᠎ᠠ ᠪᠣᠯᠣᠨ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠦᠴᠢᠷᠳᠡᠯᠲᠡᠢ ᠣᠯᠠᠨ ᠲᠦᠮᠡᠨ ᠳᠤ ᠦᠨᠡᠨ ᠬᠦ ᠴᠢᠨᠠᠷ ᠰᠠᠶᠢᠲᠠᠢ᠂ | ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠬᠠᠩᠭᠠᠬᠤ ᠬᠡᠷᠡᠭᠲᠡᠢ᠃ | ᠳᠥᠷᠪᠡ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠤᠨ ᠬᠡᠷᠡᠭᠵᠢᠭᠦᠯᠦᠯᠲᠡ ᠶᠢᠨ ᠪᠠᠲᠤᠯᠠᠭ᠎ᠠ ᠶᠢ | ᠦᠨᠡᠨ ᠬᠦ ᠴᠢᠩᠭᠠᠳᠬᠠᠬᠤ ᠬᠡᠷᠡᠭᠲᠡᠢ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠵᠣᠬᠢᠶᠠᠨ ᠪᠠᠶᠢᠭᠤᠯᠵᠤ | ᠤᠳᠤᠷᠢᠳᠬᠤ ᠪᠠᠨ ᠦᠷᠭᠦᠯᠵᠢᠯᠡᠨ ᠴᠢᠩᠭᠠᠳᠬᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠡᠳᠦᠷ | ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠤᠨ᠂ ᠠᠵᠢᠯ ᠤᠨ ᠳᠤᠮᠳᠠ ᠣᠷᠣᠰᠢᠵᠤ ᠪᠠᠶᠢᠭ᠎ᠠ | ᠬᠦᠴᠢᠷᠳᠡᠯ ᠪᠣᠯᠣᠨ ᠠᠰᠠᠭᠤᠳᠠᠯ ᠢ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠭᠰᠠᠨ᠂ ᠨᠡᠶᠢᠭᠡᠮ ᠤᠨ ᠡᠯ᠎ᠡ ᠡᠲᠡᠭᠡᠳ | ᠥᠷᠭᠡᠨ ᠢᠶᠠᠷ ᠣᠷᠣᠯᠴᠠᠭᠰᠠᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠪᠠᠶᠢᠷᠢᠰᠢᠯ ᠢ ᠦᠨᠡᠨ ᠬᠦ ᠪᠣᠶ | ᠪᠣᠯᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠣᠯᠣᠨ | ᠠᠷᠭ᠎ᠠ ᠬᠡᠮᠵᠢᠶ᠎ᠡ ᠶᠢᠨ ᠪᠣᠳᠠᠲᠠᠢ ᠳᠤ ᠨᠠᠶᠢᠳᠠᠪᠤᠷᠢᠵᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ | ᠣᠷᠣᠨ ᠨᠢ ᠲᠥᠰᠥᠪ ᠢᠶᠠᠨ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠨᠠᠶᠢᠷᠠᠭᠤᠯᠤᠨ ᠵᠣᠬᠢᠶᠠᠵᠤ᠂ ᠣᠷᠣᠨ | ᠨᠤᠲᠤᠭ ᠤᠨ ᠡᠳ᠋ ᠤᠨ ᠬᠦᠴᠦᠨ ᠤ ᠪᠠᠶᠢᠳᠠᠯ ᠪᠣᠯᠣᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠬᠦ | ᠲᠤᠭ᠎ᠠ ᠬᠡᠮᠵᠢᠶ᠎ᠡ ᠶᠢ ᠦᠨᠳᠦᠰᠦᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠢ ᠵᠦᠢ ᠵᠣᠬᠢᠰᠲᠠᠢ | ᠲᠣᠬᠢᠷᠠᠭᠤᠯᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ | ᠲᠤᠰᠠᠯᠠᠮᠵᠢ ᠶᠢᠨ ᠵᠠᠷᠤᠳᠠᠯ ᠳᠤ ᠲᠤᠰᠠᠭᠠᠷ ᠲᠣᠭᠠᠴᠠᠭ᠎ᠠ ᠬᠢᠬᠦ ᠶᠢ ᠬᠡᠷᠡᠭᠵᠢᠭᠦᠯᠬᠦ ᠬᠡᠷᠡᠭᠲᠡᠢ᠃ ᠵᠠᠷᠤᠳᠠᠯ ᠤᠨ | ᠪᠠᠲᠤᠯᠠᠭ᠎ᠠ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠠᠤᠯᠢ ᠴᠠᠭᠠᠵᠠ ᠶᠢᠨ ᠲᠤᠰᠠᠯᠠᠮᠵᠢ ᠶᠢᠨ | ᠲᠤᠬᠠᠶᠢᠯᠠᠭᠰᠠᠨ ᠠᠵᠢᠯ ᠤᠨ ᠵᠠᠷᠤᠳᠠᠯ ᠤᠨ ᠣᠷᠣᠭᠤᠯᠤᠯᠲᠠ ᠶᠢ ᠴᠠᠭ ᠲᠤᠬᠠᠢ ᠳᠤ ᠨᠢ ᠲᠣᠬᠢᠷᠠᠭᠤᠯᠤᠨ᠂ ᠡᠷᠡᠭᠦᠦ ᠶᠢᠨ | ᠬᠡᠷᠡᠭ ᠤᠨ ᠬᠠᠤᠯᠢᠴᠢ ᠶᠢᠨ ᠦᠮᠦᠭᠯᠡᠯᠲᠡ ᠶᠢ ᠨᠡᠶᠢᠳᠡᠮ ᠬᠠᠮᠤᠷᠤᠭᠤᠯᠬᠤ ᠵᠡᠷᠭᠡ ᠰᠢᠨ᠎ᠡ ᠪᠠᠷ ᠨᠡᠮᠡᠭᠳᠡᠭᠰᠡᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ᠵᠠᠷᠤᠳᠠᠯ ᠤᠨ ᠬᠡᠷᠡᠭᠯᠡᠯᠲᠡ ᠳᠤ ᠬᠢᠨᠠᠯᠲᠠ ᠲᠠᠯᠪᠢᠬᠤ ᠶᠢ ᠴᠢᠩᠳᠠᠯᠠᠵᠤ᠂ ᠵᠠᠷᠤᠳᠠᠯ ᠤᠨ ᠬᠡᠷᠡᠭᠯᠡᠯᠲᠡ ᠶᠢ ᠵᠠᠷᠯᠠᠨ | ᠨᠡᠶᠢᠲᠡᠯᠡᠬᠦ ᠳᠦᠷᠢᠮ ᠢ ᠪᠠᠶᠢᠭᠤᠯᠤᠨ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠵᠦ᠂ ᠲᠣᠭᠲᠠᠭᠠᠯ ᠠᠴᠠ | ᠵᠥᠷᠢᠴᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠢ ᠬᠡᠷᠡᠭᠯᠡᠭᠰᠡᠨ᠂ ᠲᠠᠰᠤᠳᠠᠨ ᠦᠯᠡᠳᠡᠭᠡᠭᠰᠡᠨ᠂ ᠰᠢᠬᠠᠨ | ᠡᠵᠡᠯᠡᠭᠰᠡᠨ᠂ ᠰᠢᠯᠵᠢᠭᠦᠯᠦᠨ ᠬᠡᠷᠡᠭᠯᠡᠭᠰᠡᠨ ᠪᠤᠶᠤ ᠳᠠᠯᠳᠠᠭᠤᠷ ᠬᠤᠪᠢᠶᠠᠭᠰᠠᠨ ᠪᠠᠶᠢᠭᠤᠯᠤᠮᠵᠢ ᠪᠣᠯᠣᠨ ᠬᠤᠪᠢ | ᠬᠥᠮᠥᠨ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ︵ᠭᠤᠷᠪᠠ︶ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠤᠬᠠᠭᠤᠯᠭ᠎ᠠ ᠶᠢᠨ ᠠᠷᠭ᠎ᠠ ᠮᠠᠶ᠋ᠢᠭ ᠤᠨ | ᠲᠠᠯ᠎ᠠ ᠳᠤ ᠰᠢᠨ᠎ᠡ ᠶᠢ ᠡᠭᠦᠳᠦᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠤᠬᠠᠭᠤᠯᠭ᠎ᠠ ᠶᠢᠨ ᠰᠣᠶᠣᠯ ᠤᠨ | ᠪᠦᠲᠦᠭᠡᠭᠳᠡᠬᠦᠨ ᠢ ᠨᠠᠷᠢᠨ ᠨᠢᠮᠪᠠᠢ ᠵᠣᠬᠢᠶᠠᠨ ᠪᠦᠲᠦᠭᠡᠵᠦ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢ | ᠪᠠᠶᠢᠭᠤᠯᠭ᠎ᠠ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ | ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠢᠭᠡᠴᠢ ᠳᠤ ᠣᠷᠤᠭᠤᠯᠬᠤ ᠪᠠ ᠭᠡᠷ | ᠪᠦᠯᠢ ᠳᠤ ᠣᠷᠣᠭᠤᠯᠬᠤ ᠶᠢ ᠠᠬᠢᠭᠤᠯᠵᠤ᠂ ᠬᠠᠤᠯᠢ ᠴᠠᠭᠠᠵᠠ ᠶᠢ ᠤᠯᠠᠨ ᠲᠦᠮᠡᠨ ᠤ ᠳᠡᠷᠭᠡᠳᠡ ᠬᠦᠷᠭᠡᠵᠦ᠂ ᠤᠯᠠᠨ | ᠲᠦᠮᠡᠨ ᠤ ᠴᠠᠭ ᠲᠤᠬᠠᠢ ᠳᠤ ᠨᠢ ᠬᠠᠤᠯᠢ ᠴᠠᠭᠠᠵᠠ ᠶᠢᠨ ᠲᠤᠰᠠᠯᠠᠮᠵᠢ ᠬᠦᠷᠲᠡᠬᠦ ᠳᠤ ᠲᠦᠬᠦᠮ ᠦᠵᠡᠭᠦᠯᠬᠦ ᠬᠡᠷᠡᠭᠲᠡᠢ᠃ | ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠵᠤ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢ ︽ᠨᠠᠢᠮᠠᠳᠤᠭᠠᠷ | ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠶᠢᠨ ᠠᠵᠢᠯ ᠤᠨ ᠭᠤᠣᠯᠳᠠᠯᠭ᠎ᠠ ᠪᠣᠯᠬᠤ | ᠠᠭᠤᠯᠭ᠎ᠠ ᠳᠤ ᠣᠷᠣᠭᠤᠯᠵᠤ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠡᠪᠲᠡᠷᠡᠯᠴᠡᠨ | ᠵᠣᠬᠢᠴᠠᠭᠤᠯᠬᠤ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠡᠶᠢᠲᠡ ᠶᠢᠨ | ᠠᠰᠠᠷᠠᠮᠵᠢ ᠶᠢᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠯᠢᠭᠡᠷ | ᠶᠠᠪᠤᠳᠠᠯ ᠢ ᠰᠠᠶᠢᠲᠤᠷ ᠶᠠᠷᠢᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠢ ᠪᠣᠳᠠᠲᠠᠶᠢᠵᠢᠭᠤᠯᠤᠨ ᠦᠷ᠎ᠡ | ᠪᠦᠳᠣᠮᠵᠢ ᠭᠠᠷᠭᠠᠬᠤ ᠳᠤ ᠨᠢ ᠰᠠᠶᠢᠨ ᠰᠠᠶᠢᠬᠠᠨ ᠣᠷᠴᠢᠨ ᠠᠬᠤᠢ ᠶᠢ ᠪᠣᠶ ᠪᠣᠯᠭᠠᠬᠤ ᠬᠡᠷᠡᠭᠲᠡᠢ᠃ | ᠲᠣᠰ ︽ᠰᠠᠨᠠᠯ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠬᠠᠤᠯᠢ | ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ | ᠲᠠᠷᠬᠠᠭᠠᠭᠰᠠᠨ︹2010︺9 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | 2023 ᠣᠨ ᠤ 2 ᠳ᠋ᠤᠭᠠᠷ ᠰᠠᠷ᠎ᠠ ᠶᠢᠨ 16 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |