ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ | ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ︹2023︺8 ᠳ᠋ᠤᠭᠠᠷ ᠲᠣᠭᠠᠲᠤ | 2023 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠨᠢ ᠤᠯᠤᠰ ᠤᠨ | ᠭᠠᠵᠠᠷ ᠰᠢᠷᠣᠢ ᠠᠮᠢ ᠠᠬᠤᠢ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠲᠠᠢ ᠬᠤᠯᠪᠣᠭᠳᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠲᠤ ᠴᠣᠭᠴᠠᠯᠠᠬᠤ ᠶᠡᠭᠡ ᠲᠠᠯ᠎ᠠ ᠲᠠᠢ ᠬᠤᠯᠪᠣᠭᠳᠠᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠲᠦᠢᠮᠡᠷ ᠢ ᠪᠦᠲᠦᠮᠵᠢᠲᠡᠶ ᠰᠡᠷᠭᠡᠶᠢᠯᠡᠨ ᠤᠨᠲᠠᠷᠠᠭᠠᠵᠤ ᠠᠪᠤᠷᠠᠯᠳᠠ ᠬᠢᠵᠦ᠂ ᠠᠷᠠᠳ ᠣᠯᠠᠨ ᠤ | ᠠᠮᠢ ᠨᠠᠰᠤ ᠡᠳ᠋ ᠬᠥᠷᠥᠩᠭᠡ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ | ᠦᠨᠡᠨ ᠬᠦ ᠪᠠᠲᠤᠯᠠᠬᠤ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ ᠢ | ᠨᠡᠶᠢᠲᠡᠯᠡᠪᠡ᠃ | ᠨᠢᠭᠡ᠂ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠴᠠᠭ ᠪᠠ ᠣᠷᠣᠨ ᠪᠦᠰᠡ ᠶᠢ ᠲᠣᠭᠲᠠᠭᠠᠬᠤ ᠬᠡᠷᠡᠭᠲᠡᠢ | 2023 ᠣᠨ ᠤ ᠬᠠᠪᠤᠷ ᠤᠨ ᠤᠯᠠᠷᠢᠯ ᠳᠠᠬᠢ ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠪᠣᠯ | 4 ᠳ᠋ᠦ᠋ᠭᠡᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃ ᠡᠯ᠎ᠡ ᠭᠠᠵᠠᠷ | ᠣᠷᠣᠨ ᠨᠢ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠴᠢᠩᠭ᠎ᠠ ᠰᠡᠷᠭᠡᠶᠢᠯᠡᠵᠦ ᠵᠠᠬᠢᠷᠤᠨ | ᠬᠠᠮᠢᠶᠠᠷᠬᠤ ᠬᠤᠭᠤᠴᠠᠭ᠎ᠠ ᠪᠠᠨ ᠤᠷᠢᠳᠴᠢᠯᠠᠭᠤᠯᠬᠤ ᠪᠤᠶᠤ ᠬᠤᠶᠢᠰᠢᠯᠠᠭᠤᠯᠵᠤ ᠪᠣᠯᠣᠨ᠎ᠠ᠃ ᠴᠢᠩᠭ᠎ᠠ ᠰᠡᠷᠭᠡᠶᠢᠯᠡᠵᠦ | ᠵᠠᠬᠢᠷᠤᠨ ᠬᠠᠮᠢᠶᠠᠷᠬᠤ ᠣᠷᠣᠨ ᠪᠦᠰᠡ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠴᠠ ᠬᠤᠪᠢᠶᠠᠷᠢᠯᠠᠨ ᠲᠣᠭᠲᠠᠭᠠᠨ᠎ᠠ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ | ᠬᠢᠵᠠᠭᠠᠷ ᠪᠣᠯᠣᠨ ᠣᠷᠣᠨ ᠪᠦᠰᠡ ᠶᠢ ᠨᠡᠶᠢᠭᠡᠮ ᠳᠤ ᠨᠡᠶᠢᠲᠡᠯᠡᠬᠦ ᠶᠢᠨ ᠬᠠᠮᠲᠤ᠂ ᠳᠡᠭᠡᠷ᠎ᠡ ᠨᠢᠭᠡ ᠱᠠᠲᠤᠨ ᠤ ᠠᠷᠠᠳ ᠤᠨ | ᠵᠠᠰᠠᠭ ᠤᠨ ᠣᠷᠳᠣᠨ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ | ᠠᠵᠢᠯ ᠤᠨ ᠵᠢᠯᠤᠭᠤᠳᠬᠤ ᠭᠠᠵᠠᠷ ᠲᠤ ᠳᠠᠩᠰᠠᠯᠠᠭᠤᠯᠬᠤ ᠬᠡᠷᠡᠭᠲᠡᠢ᠃ | ᠬᠤᠶᠠᠷ᠂ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠢ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠶ ᠰᠢᠭᠤᠢ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭᠠᠲᠤ | ᠳᠦᠷᠢᠮ ᠢ ᠴᠢᠩᠭ᠎ᠠ ᠬᠡᠷᠡᠭᠵᠢᠭᠦᠯᠵᠦ᠂ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠢᠯ ᠲᠥᠷᠥᠯ | ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠣᠨ ᠦᠢᠯᠡᠳᠪᠦᠷᠢᠯᠡᠨ ᠡᠵᠡᠩᠨᠡᠭᠴᠢ ᠶᠢᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠬᠠᠷᠢᠭᠤᠴᠠᠯᠭ᠎ᠠ ᠶᠢᠨ | ᠣᠷᠣᠨ ᠢᠶᠠᠨ ᠬᠤᠪᠢᠶᠠᠷᠢᠯᠠᠨ ᠲᠣᠭᠲᠠᠭᠠᠵᠤ᠂ ᠬᠠᠷᠢᠭᠤᠴᠠᠯᠭ᠎ᠠ ᠶᠢᠨ ᠪᠢᠴᠢᠭ ᠵᠢᠷᠤᠵᠤ ᠲᠣᠭᠲᠠᠨ᠂ ᠨᠢᠭᠲᠠ ᠴᠢᠩᠭ᠎ᠠ | ᠪᠦᠬᠦᠢ ᠲᠣᠣᠷᠵᠢᠭᠤᠯᠤᠭᠰᠠᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠡᠯ᠎ᠡ ᠵᠦᠢᠯ ᠤᠨ | ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ︽ᠡᠴᠦᠰ ᠤᠨ ᠨᠢᠭᠡ ᠮᠧᠳ᠋ᠷ︾᠂ ᠬᠠᠮᠤᠭ ᠤᠨ ᠪᠠᠭ᠎ᠠ ᠨᠢᠭᠡᠴᠢ ᠬᠦᠷᠲᠡᠯ᠎ᠡ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠣᠢ ᠰᠢᠭᠤᠢ ᠨᠤᠲᠤᠭ ᠪᠡᠯᠴᠢᠭᠡᠷ ᠤᠨ | ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠢ ᠨᠢ | ᠲᠤᠰ ᠲᠣᠰ ᠤᠨ ᠡᠭᠦᠷᠭᠡ ᠲᠤᠰᠢᠶᠠᠯ ᠪᠠ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠣᠢ | ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠡᠯ᠎ᠡ ᠵᠦᠢᠯ ᠤᠨ ᠠᠵᠢᠯ ᠢ | ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ | ᠮᠥᠴᠢᠷ ᠤᠳ ᠰᠡᠷᠭᠡᠶᠢᠯᠡᠵᠦ ᠠᠪᠤᠷᠠᠬᠤ ᠬᠠᠷᠢᠭᠤᠴᠠᠯᠭ᠎ᠠ ᠶᠢᠨ ᠬᠡᠯᠬᠢᠶ᠎ᠡ ᠪᠠᠨ ᠨᠢᠭᠲᠠ ᠵᠣᠯᠭᠠᠯᠳᠤᠭᠤᠯᠤᠨ᠂ ᠭᠠᠯ | ᠲᠦᠢᠮᠡᠷ ᠢ ᠰᠡᠷᠭᠡᠶᠢᠯᠡᠬᠦ ᠪᠠ ᠭᠠᠯ ᠲᠦᠢᠮᠡᠷ ᠡᠭᠦᠰᠦᠭᠰᠡᠨ ᠡᠬᠢᠨ ᠤ ᠬᠤᠭᠤᠴᠠᠭᠠᠨ ᠳᠠᠬᠢ ᠰᠢᠢᠳᠪᠦᠷᠢᠯᠡᠬᠦ ᠠᠵᠢᠯ ᠢ | ᠰᠠᠶᠢᠲᠤᠷ ᠬᠢᠵᠦ᠂ ᠭᠠᠯ ᠲᠦᠢᠮᠡᠷ ᠢ ᠤᠨᠲᠠᠷᠠᠭᠠᠵᠤ ᠠᠪᠤᠷᠠᠯᠲᠠ ᠬᠢᠬᠦ ᠪᠥᠬᠦ ᠶᠠᠪᠤᠴᠠ ᠳᠤ ᠣᠷᠣᠯᠴᠠᠬᠤ ᠬᠡᠷᠡᠭᠲᠡᠢ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠠᠯ ᠲᠦᠢᠮᠡᠷ ᠢ ᠰᠡᠷᠭᠡᠶᠢᠯᠡᠨ | ᠡᠵᠡᠮᠳᠡᠬᠦ ᠠᠵᠢᠯ ᠢ ᠶᠡᠷᠦᠩᠬᠡᠶᠢᠯᠡᠨ ᠵᠢᠯᠤᠭᠤᠳᠴᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠨ᠂ ᠭᠠᠯ | ᠲᠦᠢᠮᠡᠷ ᠢ ᠤᠨᠲᠠᠷᠠᠭᠠᠵᠤ ᠠᠪᠤᠷᠠᠯᠲᠠ ᠬᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠶᠡᠭᠡ | ᠭᠠᠯ ᠲᠦᠢᠮᠡᠷ ᠠᠴᠠ ᠪᠣᠯᠤᠭᠰᠠᠨ ᠬᠦᠨᠳᠦ ᠬᠡᠴᠡᠭᠦᠦ ᠭᠠᠮᠰᠢᠭ ᠢ ᠠᠷᠭᠠᠴᠠᠭᠠᠬᠤ ᠪᠡᠯᠡᠳᠬᠡᠯ ᠠᠵᠢᠯ ᠪᠠ ᠤᠨᠲᠠᠷᠠᠭᠠᠨ | ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠭᠠᠯ | ᠲᠦᠢᠮᠡᠷ ᠭᠠᠷᠤᠭᠰᠠᠨ ᠭᠠᠵᠠᠷ ᠤᠨ ᠰᠡᠷᠭᠡᠶᠢᠯᠡᠨ ᠰᠡᠷᠡᠮᠵᠢᠯᠡᠭᠦᠯᠬᠦ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠠᠮᠤᠷ ᠢ | ᠬᠠᠮᠠᠭᠠᠯᠠᠬᠤ᠂ ᠭᠠᠯ ᠲᠦᠢᠮᠡᠷ ᠤᠨ ᠬᠡᠷᠡᠭ ᠢ ᠲᠠᠩᠨᠠᠨ ᠢᠯᠡᠷᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠤᠬᠠᠭᠤᠯᠬᠤ᠂ | ᠵᠢᠭᠰᠠᠭᠠᠨ ᠪᠠᠶᠢᠴᠠᠭᠠᠬᠤ᠂ ᠲᠣᠭᠤᠷᠢᠨ ᠬᠠᠮᠠᠭᠠᠯᠠᠬᠤ ᠵᠢᠴᠢ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠢ | ᠰᠢᠢᠳᠬᠡᠨ ᠲᠣᠷᠭᠠᠬᠤ ᠵᠡᠷᠭᠡ ᠠᠵᠢᠯ ᠢ ᠬᠠᠮᠵᠢᠯᠴᠠᠨ ᠥᠷᠨᠢᠭᠦᠯᠬᠦ ᠬᠡᠷᠡᠭᠲᠡᠢ᠃ | ᠭᠤᠷᠪᠠ᠂ ᠭᠠᠯ ᠲᠦᠢᠮᠡᠷ ᠤᠨ ᠰᠡᠷᠭᠡᠶᠢᠯᠡᠯᠲᠡ ᠶᠢ ᠴᠢᠩᠭᠠᠳᠬᠠᠬᠤ ᠬᠡᠷᠡᠭᠲᠡᠢ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢᠭᠡᠴᠢ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠮᠳᠠᠭᠤᠯᠤᠨ | ᠵᠢᠯᠤᠭᠤᠳᠴᠤ ᠪᠠᠶᠢᠴᠠᠭᠠᠬᠤ ᠪᠠ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠵᠣᠬᠢᠶᠠᠨ | ᠪᠠᠶᠢᠭᠤᠯᠵᠤ ᠥᠷᠨᠢᠭᠦᠯᠦᠨ᠂ ᠵᠠᠩᠭᠢᠯᠠᠭ᠎ᠠ ᠶᠢᠨ ᠴᠢᠬᠤᠯᠠ ᠠᠰᠠᠭᠤᠳᠠᠯ ᠢ ᠨᠡᠷᠡᠯᠡᠨ ᠵᠢᠭᠠᠵᠤ ᠰᠢᠮᠳᠠᠭᠤᠯᠤᠨ | ᠭᠦᠢᠴᠡᠳᠬᠡᠯᠭᠡᠬᠦ ᠬᠡᠷᠡᠭᠲᠡᠢ᠃ ᠭᠤᠣᠯᠳᠠᠯᠭ᠎ᠠ ᠪᠣᠯᠬᠤ ᠣᠷᠣᠨ ᠪᠠᠶᠢᠷᠢ ᠳᠠᠬᠢ ᠤᠢ ᠶᠢᠨ ᠬᠤᠷᠮᠣᠢ ᠶᠢᠨ ᠰᠢᠲᠠᠮᠠᠬᠠᠢ | ᠪᠣᠳᠠᠰ ᠢ ᠴᠡᠪᠡᠷᠯᠡᠨ ᠠᠷᠢᠯᠭᠠᠬᠤ ᠪᠠᠨ ᠴᠢᠩᠭᠠᠳᠬᠠᠵᠤ᠂ ᠬᠡᠰᠡᠭ ᠪᠤᠰᠠᠭ ᠣᠩᠭᠤᠨ ᠪᠤᠯᠠᠰᠢ ᠶᠢ ᠰᠢᠯᠵᠢᠭᠦᠯᠬᠦ ᠪᠠ | ᠲᠥᠪᠯᠡᠷᠡᠭᠦᠯᠦᠨ ᠬᠠᠮᠢᠶᠠᠷᠬᠤ ᠶᠢ ᠢᠳᠡᠪᠬᠢᠲᠡᠢ ᠪᠠᠷ ᠠᠬᠢᠭᠤᠯᠤᠨ ᠬᠥᠲᠥᠯᠥᠨ ᠵᠢᠯᠤᠭᠤᠳᠴᠤ᠂ ᠠᠭᠤᠯᠠ᠂ ᠭᠤᠤ | ᠰᠤᠪᠠᠭ᠂ ᠭᠤᠣᠯ ᠤᠨ ᠲᠣᠬᠤᠢ ᠶᠢ ᠴᠡᠪᠡᠷᠯᠡᠬᠦ ᠠᠵᠢᠯ ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠥᠷᠨᠢᠭᠦᠯᠬᠦ | ᠬᠡᠷᠡᠭᠲᠡᠢ᠃ ᠠᠰᠠᠭᠤᠳᠠᠯ ᠢ ᠣᠯᠵᠤ ᠮᠡᠳᠡᠭᠡᠳ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠵᠢᠴᠢ | ᠬᠠᠮᠢᠶᠠᠷᠤᠯᠲᠠ ᠶᠢ ᠲᠠᠭᠠᠬᠤ ᠦᠭᠡᠢ ᠪᠤᠶᠤ ᠵᠣᠷᠢᠭᠤᠳᠠ ᠵᠤᠷᠢᠴᠡᠭᠰᠡᠳ ᠢ ᠳᠦᠷᠢᠮ ᠲᠣᠭᠲᠠᠭᠠᠯ ᠰᠠᠬᠢᠯᠭ᠎ᠠ ᠪᠠᠲᠤ | ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠰᠢᠢᠳᠬᠡᠨ ᠰᠢᠢᠳᠪᠦᠷᠢᠯᠡᠬᠦ ᠬᠡᠷᠡᠭᠲᠡᠢ᠃ ᠪᠠᠷᠢᠮᠵᠢᠶ᠎ᠠ ᠶᠣᠰᠣᠭᠠᠷ ᠭᠠᠯ | ᠲᠦᠢᠮᠡᠷ ᠤᠨ ᠰᠡᠷᠭᠡᠶᠢᠯᠡᠯᠲᠡ ᠶᠢᠨ ᠲᠤᠰᠠᠭᠠᠷᠯᠠᠬᠤ ᠪᠦᠰᠡ ᠭᠠᠷᠭᠠᠵᠤ᠂ ᠮᠣᠩᠭᠤᠯ ᠤᠯᠤᠰ᠂ ᠣᠷᠣᠰ ᠤᠨ | ᠬᠤᠯᠪᠣᠭᠳᠠᠯ ᠪᠦᠬᠦᠢ ᠲᠠᠯ᠎ᠠ ᠯᠤᠭ᠎ᠠ ᠶᠢᠨ ᠬᠠᠮᠲᠤᠷᠠᠨ ᠰᠡᠷᠭᠡᠶᠢᠯᠡᠵᠦ ᠬᠤᠯᠪᠣᠭ᠎ᠠ ᠠᠪᠬᠤ ᠪᠠᠨ ᠴᠢᠩᠭᠠᠳᠬᠠᠨ᠂ ᠬᠥᠷᠰᠢ | ᠵᠡᠷᠭᠡᠯᠡᠳᠡᠭᠡ ᠭᠠᠵᠠᠷ ᠣᠷᠣᠨ ᠤ ᠨᠢᠭᠡᠴᠢ ᠶᠢᠨ ᠬᠤᠭᠤᠷᠣᠨᠳᠣᠬᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠶᠢ ᠴᠢᠩᠭᠠᠷᠠᠭᠤᠯᠵᠤ᠂ ᠬᠢᠯᠢ ᠶᠢᠨ ᠭᠠᠳᠠᠨᠠᠬᠢ ᠭᠠᠯ ᠲᠦᠢᠮᠡᠷ ᠢ ᠰᠡᠷᠭᠡᠶᠢᠯᠡᠨ ᠬᠠᠰᠢᠬᠤ ᠪᠠ ᠬᠢᠯᠢ ᠶᠢᠨ | ᠳᠣᠲᠣᠷᠠᠬᠢ ᠠᠭᠤᠯᠵᠠᠷ ᠭᠠᠵᠠᠷ ᠬᠡᠰᠡᠭ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢ ᠰᠠᠶᠢᠲᠤᠷ ᠬᠢᠬᠦ | ᠬᠡᠷᠡᠭᠲᠡᠢ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭᠠᠨ ᠳᠤ ᠳᠣᠣᠷᠠᠬᠢ ᠲᠣᠭᠲᠠᠭᠠᠯ ᠢ ᠵᠢᠷᠤᠮᠯᠠᠬᠤ | ᠬᠡᠷᠡᠭᠲᠡᠢ᠄ | ︵ᠨᠢᠭᠡ︶ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠣᠷᠣᠨ ᠪᠦᠰᠡᠨ ᠳᠤ ᠲᠠᠮᠠᠬᠢ ᠲᠠᠲᠠᠬᠤ᠂ ᠬᠡᠭᠡᠷ᠎ᠡ | ᠬᠤᠭᠤᠯᠠᠯᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠫᠤᠤᠵᠢᠩ ᠲᠠᠯᠪᠢᠬᠤ᠂ ᠭᠠᠯ ᠨᠣᠴᠣᠭᠠᠵᠤ ᠳᠤᠯᠠᠭᠠᠯᠠᠬᠤ | ᠂ ᠬᠤᠭ ᠨᠣᠪᠰᠢ ᠰᠢᠲᠠᠭᠠᠬᠤ ᠵᠢᠴᠢ ᠪᠤᠰᠤᠳ ᠦᠢᠯᠡᠳᠪᠦᠷᠢᠯᠡᠯ ᠤᠨ ᠪᠤᠰᠤ ᠬᠡᠷᠡᠭᠴᠡᠭᠡᠨ ᠳᠤ ᠭᠠᠯ ᠬᠡᠷᠡᠭᠯᠡᠬᠦ ᠶᠢ | ᠴᠢᠩᠭ᠎ᠠ ᠴᠠᠭᠠᠵᠠᠯᠠᠬᠤ ᠬᠡᠷᠡᠭᠲᠡᠢ᠃ | ︵ᠬᠤᠶᠠᠷ︶ ᠬᠡᠭᠡᠷ᠎ᠡ ᠭᠠᠳᠠᠨ᠎ᠠ ᠦᠢᠯᠡᠳᠪᠦᠷᠢᠯᠡᠯ ᠤᠨ ᠬᠡᠷᠡᠭᠴᠡᠭᠡ ᠪᠠᠷ ᠭᠠᠯ ᠬᠡᠷᠡᠭᠯᠡᠬᠦ ᠳᠤ ᠬᠢᠨᠠᠨ ᠵᠥᠪᠰᠢᠶᠡᠷᠡᠬᠦ | ᠳᠦᠷᠢᠮ ᠢ ᠴᠢᠩᠭ᠎ᠠ ᠬᠡᠷᠡᠭᠵᠢᠭᠦᠯᠵᠦ᠂ ᠦᠨᠡᠨ ᠬᠦ ᠣᠨᠴᠠᠭᠠᠢ ᠰᠢᠯᠲᠠᠭᠠᠨ ᠠᠴᠠ ᠪᠣᠯᠵᠤ ᠬᠡᠭᠡᠷ᠎ᠡ ᠭᠠᠳᠠᠨ᠎ᠠ | ᠦᠢᠯᠡᠳᠪᠦᠷᠢᠯᠡᠯ ᠠᠮᠢᠳᠤᠷᠠᠯ ᠬᠢᠭᠡᠳ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ ᠴᠢᠬᠤᠯᠠ ᠲᠠᠢ ᠪᠣᠯ ᠲᠤᠬᠠᠢ ᠶᠢᠨ | ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠪᠠᠶᠢᠴᠠᠭᠠᠯᠭᠠᠵᠤ | ᠵᠥᠪᠰᠢᠶᠡᠷᠡᠭᠦᠯᠦᠭᠡᠳ᠂ ᠵᠢᠭᠠᠨ ᠲᠣᠭᠲᠠᠭᠠᠭᠰᠠᠨ ᠴᠠᠭ ᠬᠤᠭᠤᠴᠠᠭ᠎ᠠ᠂ ᠵᠢᠭᠠᠨ ᠲᠣᠭᠲᠠᠭᠠᠭᠰᠠᠨ ᠭᠠᠵᠠᠷ ᠣᠷᠣᠨ ᠳᠤ | ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠵᠤ ᠪᠠᠶᠢᠭᠠᠳ ᠰᠡᠷᠭᠡᠶᠢᠯᠡᠵᠦ ᠠᠪᠤᠷᠠᠬᠤ ᠪᠡᠯᠡᠳᠬᠡᠯ ᠢ ᠰᠠᠶᠢᠲᠤᠷ | ᠬᠢᠭᠰᠡᠨ ᠤᠷᠢᠲᠠᠯ ᠳᠣᠣᠷ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ | ︵ᠭᠤᠷᠪᠠ︶ ᠡᠯ᠎ᠡ ᠪᠠᠶᠢᠴᠠᠭᠠᠬᠤ ᠥᠷᠲᠡᠭᠡ᠂ ᠠᠵᠢᠭᠯᠠᠨ ᠪᠠᠷᠠᠯᠠᠬᠤ ᠲᠠᠶᠢᠰᠠ᠂ ᠴᠠᠭᠳᠠᠨ ᠲᠣᠭᠤᠷᠢᠵᠤ | ᠬᠠᠮᠠᠭᠠᠯᠠᠬᠤ ᠠᠵᠢᠯ ᠤᠨ ᠪᠠᠶᠢᠷᠢᠨ ᠳᠠᠬᠢ ᠬᠥᠮᠥᠰ ᠨᠢ ᠪᠦᠬᠦᠯᠢ ᠡᠳᠦᠷ ᠢᠶᠠᠷ ᠵᠢᠵᠢᠭᠦᠷᠯᠡᠨ ᠰᠠᠬᠢᠵᠤ᠂ ︽ᠭᠠᠯ | ᠲᠦᠢᠮᠡᠷ ᠤᠨ ᠰᠡᠷᠭᠡᠶᠢᠯᠡᠯᠲᠡ ᠶᠢᠨ ᠮᠡᠷᠭᠡᠨ ᠴᠣᠬᠤᠷ︾ ᠲᠣᠬᠢᠷᠠᠭᠤᠯᠤᠨ᠂ ᠴᠢᠩᠭ᠎ᠠ ᠰᠡᠷᠭᠡᠶᠢᠯᠡᠵᠦ ᠵᠠᠬᠢᠷᠤᠨ | ᠬᠠᠮᠢᠶᠠᠷᠬᠤ ᠣᠷᠣᠨ ᠪᠦᠰᠡᠨ ᠳᠤ ᠣᠷᠣᠬᠤ ᠬᠥᠮᠥᠰ ᠪᠠ ᠲᠡᠷᠭᠡ ᠬᠥᠰᠬᠡ ᠶᠢ ᠴᠢᠩᠭ᠎ᠠ ᠵᠠᠬᠢᠷᠤᠨ ᠬᠠᠮᠢᠶᠠᠷᠴᠤ᠂ | ᠭᠠᠯ ᠤᠨ ᠴᠤᠭ ᠪᠤᠶᠤ ᠨᠣᠴᠣᠮᠠᠲᠠᠭᠠᠢ ᠳᠡᠯᠪᠡᠷᠡᠮᠡᠲᠡᠭᠡᠢ ᠡᠳ᠋ ᠪᠣᠳᠠᠰ ᠠᠪᠴᠤ ᠣᠷᠣᠬᠤ ᠶᠢ ᠴᠢᠩᠭ᠎ᠠ ᠴᠠᠭᠠᠵᠠᠯᠠᠨ᠂ | ᠴᠢᠬᠤᠯᠠ ᠲᠠᠢ ᠦᠶ᠎ᠡ ᠳᠤ ︽ᠭᠠᠯ ᠰᠡᠷᠭᠡᠶᠢᠯᠡᠬᠦ ᠪᠦᠲᠡᠭᠡᠯᠭᠡ︾ ᠨᠡᠮᠡᠨ ᠤᠭᠰᠠᠷᠠᠵᠤ ᠪᠤᠬ᠎ᠠ ᠲᠡᠷᠭᠡ ᠳᠦᠷᠡᠯᠵᠡᠨ | ᠨᠣᠴᠣᠬᠤ ᠶᠢ ᠰᠡᠷᠭᠡᠶᠢᠯᠡᠬᠦ᠂ ᠨᠡᠭᠦᠷᠡᠰᠦ ᠲᠡᠭᠡᠭᠡᠭᠰᠡᠨ ᠲᠡᠷᠭᠡᠨ ᠤ ᠸᠠᠭᠤᠨ ᠢ ᠪᠢᠲᠡᠭᠦᠯᠡᠵᠦ ᠨᠡᠭᠦᠷᠡᠰᠦᠨ ᠬᠡᠮᠬᠡᠳᠡᠭ ᠨᠢ | ᠰᠠᠳᠠᠷᠠᠵᠦ ᠭᠤᠭᠤᠵᠢᠭᠠᠳ ᠠᠶᠠᠨᠳᠠᠭᠠᠨ ᠨᠣᠴᠣᠬᠤ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ | ᠠᠷᠭ᠎ᠠ ᠬᠡᠮᠵᠢᠶ᠎ᠡ ᠠᠪᠬᠤ ᠬᠡᠷᠡᠭᠲᠡᠢ᠃ | ᠳᠥᠷᠪᠡ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠨ ᠴᠢᠩᠭᠠᠷᠠᠭᠤᠯᠬᠤ ᠬᠡᠷᠡᠭᠲᠡᠢ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠣᠢ ᠰᠢᠭᠤᠢ ᠨᠤᠲᠤᠭ ᠪᠡᠯᠴᠢᠭᠡᠷ ᠤᠨ ᠭᠠᠯ | ᠲᠦᠢᠮᠡᠷ ᠤᠨ ᠠᠶᠤᠯ ᠤᠨ ᠴᠠᠭ ᠠᠭᠤᠷ ᠤᠨ ᠮᠡᠳᠡᠭᠡ ᠪᠠᠨ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ ᠭᠠᠯ | ᠲᠦᠢᠮᠡᠷ ᠤᠨ ᠠᠶᠤᠯ ᠶᠡᠬᠡᠲᠡᠢ ᠴᠠᠭ ᠠᠭᠤᠷ ᠪᠣᠯ ᠴᠠᠭ ᠲᠤᠬᠠᠢ ᠳᠤ ᠨᠢ ᠵᠠᠯᠭᠠᠭ᠎ᠠ ᠵᠠᠯᠭᠠᠭ᠎ᠠ ᠪᠠᠷ ᠰᠡᠷᠡᠮᠵᠢ ᠶᠢᠨ | ᠳᠣᠬᠢᠶ᠎ᠠ ᠨᠡᠶᠢᠲᠡᠯᠡᠨ᠂ ᠤᠷᠢᠳᠴᠢᠯᠠᠨ ᠠᠷᠭᠠᠴᠠᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠡᠯ᠎ᠡ ᠱᠠᠲᠤᠨ ᠤ ᠭᠠᠯ | ᠲᠦᠢᠮᠡᠷ ᠢ ᠰᠡᠷᠭᠡᠶᠢᠯᠡᠵᠦ ᠤᠨᠲᠠᠷᠠᠭᠠᠬᠤ ᠰᠠᠯᠠᠭ᠎ᠠ ᠮᠥᠴᠢᠷ ᠪᠣᠯᠣᠨ ᠬᠠᠷᠢᠭᠤᠴᠠᠯᠭᠠᠲᠤ ᠨᠢᠭᠡᠴᠢ ᠨᠢ 24 ᠴᠠᠭ ᠢᠶᠠᠷ | ᠵᠢᠵᠢᠭᠦᠷᠯᠡᠬᠦ᠂ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ᠂ ᠭᠠᠯ ᠲᠦᠢᠮᠡᠷ ᠤᠨ ᠪᠠᠶᠢᠳᠠᠯ ᠤᠨ ᠮᠡᠳᠡᠭᠡ ᠵᠠᠩᠭᠢ ᠶᠢ ︽ | ᠰᠢᠰᠲ᠋ᠧᠮᠵᠢᠭᠦᠯᠦᠨ ᠮᠡᠳᠡᠭᠦᠯᠬᠦ︾ ︽ᠭᠠᠯ ᠲᠦᠢᠮᠡᠷ ᠭᠠᠷᠪᠠᠯ ᠵᠠᠪᠠᠯ ᠮᠡᠳᠡᠭᠦᠯᠬᠦ︾ ᠪᠠ ᠴᠢᠬᠤᠯᠠ ᠴᠠᠭ | ᠬᠤᠭᠤᠴᠠᠭᠠᠨ ᠳᠤ ︽ᠡᠳᠦᠷ ᠤᠨ ᠮᠡᠳᠡᠭᠦᠯᠦᠯᠲᠡ︾ ︽ᠭᠠᠯ ᠲᠦᠢᠮᠡᠷ ᠦᠭᠡᠢ ᠮᠡᠳᠡᠭᠦᠯᠦᠯᠲᠡ︾ ᠶᠢᠨ ᠳᠦᠷᠢᠮ ᠢ | ᠴᠢᠩᠭ᠎ᠠ ᠬᠡᠷᠡᠭᠵᠢᠭᠦᠯᠵᠦ᠂ ᠨᠢᠭᠤᠵᠤ ᠮᠡᠳᠡᠭᠦᠯᠬᠦ ᠦᠭᠡᠢ᠂ ᠬᠤᠵᠢᠭᠤ ᠮᠡᠳᠡᠭᠦᠯᠬᠦ ᠵᠡᠷᠭᠡ ᠦᠶ᠋ᠯᠡ ᠠᠵᠢᠯᠯᠠᠭ᠎ᠠ ᠶᠢ | ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ | ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠦᠭᠦᠳ ᠭᠠᠯ | ᠲᠦᠢᠮᠡᠷ ᠤᠨ ᠪᠠᠶᠢᠳᠠᠯ ᠢ ᠨᠢᠭᠲᠠ ᠠᠵᠢᠭᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢᠶᠠᠨ | ᠲᠡᠭᠦᠯᠳᠡᠷᠵᠢᠭᠦᠯᠦᠨ᠂ ᠡᠩᠨᠡᠭᠡᠨ ᠤ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠪᠠᠨ | ᠴᠢᠩᠭᠠᠳᠬᠠᠨ᠂ ᠭᠡᠨᠡᠳᠲᠡ ᠡᠭᠦᠰᠦᠭᠰᠡᠨ ᠭᠠᠯ ᠲᠦᠢᠮᠡᠷ ᠢ ᠪᠤᠰᠢᠭᠤ ᠲᠦᠷᠭᠡᠨ ᠤᠨᠲᠠᠷᠠᠭᠠᠵᠤ᠂ ᠥᠨᠳᠥᠷ | ᠪᠦᠲᠦᠮᠵᠢᠲᠡᠶ ᠰᠢᠢᠳᠪᠦᠷᠢᠯᠡᠨ᠂ ︽ᠡᠷᠲᠡ ᠠᠴᠠ ᠨᠢ ᠪᠠᠭ᠎ᠠ ᠳᠡᠭᠡᠷ᠎ᠡ ᠨᠢ ᠪᠦᠷᠢᠮᠦᠰᠦᠨ ᠤᠨᠲᠠᠷᠠᠭᠠᠬᠤ︾ ᠶᠢ ᠦᠨᠡᠨ | ᠬᠦ ᠪᠠᠲᠤᠯᠠᠬᠤ ᠬᠡᠷᠡᠭᠲᠡᠢ᠃ ᠭᠠᠯ ᠲᠦᠢᠮᠡᠷ ᠢ ᠤᠨᠲᠠᠷᠠᠭᠠᠵᠤ ᠠᠪᠤᠷᠠᠯᠲᠠ ᠬᠢᠬᠦ ᠳᠤ ᠬᠠᠷᠢᠶ᠎ᠠ ᠭᠠᠵᠠᠷ ᠢᠶᠠᠷ ᠭᠤᠣᠯ | ᠪᠣᠯᠭᠠᠬᠤ ᠵᠠᠷᠴᠢᠮ ᠢ ᠪᠠᠷᠢᠮᠲᠠᠯᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ | ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠡᠷᠬᠡ ᠰᠦᠷ ᠢ ᠪᠠᠳᠠᠷᠠᠭᠠᠵᠤ᠂ ᠨᠢᠭᠡᠳᠦᠯᠲᠡᠢ ᠵᠢᠯᠣᠭᠤᠳᠤᠨ᠂ | ᠰᠢᠨᠵᠢᠯᠡᠬᠦ ᠤᠬᠠᠭᠠᠨᠴᠢ ᠪᠠᠷ ᠤᠨᠲᠠᠷᠠᠭᠠᠵᠤ ᠠᠪᠤᠷᠠᠬᠤ ᠬᠡᠷᠡᠭᠲᠡᠢ᠃ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ | ᠲᠡᠷᠢᠭᠦᠨ ᠳᠤ ᠲᠠᠯᠪᠢᠬᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠲᠤᠰᠬᠠᠢ ᠮᠡᠷᠭᠡᠵᠢᠯ ᠤᠨ | ᠵᠢᠯᠣᠭᠤᠳᠤᠯᠭ᠎ᠠ ᠲᠠᠢ᠂ ᠭᠠᠯ ᠲᠦᠢᠮᠡᠷ ᠤᠨᠲᠠᠷᠠᠭᠠᠬᠤ ᠲᠤᠰᠬᠠᠶᠢᠵᠢᠭᠰᠠᠨ ᠵᠠᠮ ᠢᠶᠠᠷ ᠵᠠᠮᠨᠠᠵᠤ᠂ ᠣᠯᠠᠨ ᠲᠦᠮᠡᠨ ᠤ | ᠭᠠᠯ ᠲᠦᠢᠮᠡᠷ ᠤᠨᠲᠠᠷᠠᠭᠠᠬᠤ ᠠᠵᠢᠯ ᠳᠤ ᠰᠢᠭᠤᠳ ᠣᠷᠤᠯᠴᠠᠬᠤ ᠠᠴᠠ ᠡᠷᠡᠰ ᠵᠠᠶᠢᠯᠠᠰᠬᠢᠵᠦ᠂ ᠨᠠᠰᠤᠲᠠᠶᠢᠴᠤᠳ᠂ | ᠨᠠᠰᠤᠨ ᠳᠤ ᠥᠯᠥ ᠬᠦᠷᠦᠭᠰᠡᠳ᠂ ᠰᠤᠷᠤᠭᠴᠢᠳ ᠵᠡᠷᠭᠡ ᠤᠨ ᠭᠠᠯ ᠲᠦᠢᠮᠡᠷ ᠤᠨᠲᠠᠷᠠᠭᠠᠬᠤ ᠳᠤ ᠣᠷᠣᠯᠴᠠᠬᠤ ᠶᠢ | ᠴᠠᠭᠠᠵᠠᠯᠠᠵᠤ᠂ ᠬᠥᠮᠥᠨ ᠬᠠᠷ᠎ᠠ ᠠᠳᠡᠵᠦ ᠰᠢᠷᠬᠠᠲᠤᠬᠤ ᠭᠡᠨᠡᠳᠡᠯ ᠭᠠᠷᠬᠤ ᠠᠴᠠ ᠴᠢᠩᠭ᠎ᠠ ᠰᠡᠷᠭᠡᠶᠢᠯᠡᠬᠦ ᠬᠡᠷᠡᠭᠲᠡᠢ᠃ | ᠲᠠᠪᠤ᠂ ᠰᠢᠮᠳᠠᠭᠤᠯᠤᠨ ᠵᠢᠯᠤᠭᠤᠳᠴᠤ ᠬᠠᠷᠢᠭᠤᠴᠠᠯᠭ᠎ᠠ ᠲᠤᠯᠭᠠᠨ ᠬᠡᠯᠡᠯᠴᠡᠬᠦ ᠶᠢ ᠴᠢᠩᠳᠠᠯᠠᠬᠤ ᠬᠡᠷᠡᠭᠲᠡᠢ | ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠤᠨ᠂ ᠬᠡᠷᠡᠭ ᠪᠦᠷᠢ ᠶᠢ ᠵᠠᠪᠠᠯ ᠪᠠᠶᠢᠴᠠᠭᠠᠵᠤ᠂ ᠬᠡᠷᠡᠭ ᠪᠦᠷᠢ ᠠᠴᠠ ᠵᠠᠪᠠᠯ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠢ᠃ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ | ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ ᠪᠤᠶᠤ | ᠨᠠᠶᠢᠳᠠᠪᠤᠷᠢᠵᠢᠭᠤᠯᠤᠭᠰᠠᠨ ᠢᠶᠠᠷ ᠠᠨᠠᠶᠢᠬᠠᠨ ᠠᠴᠠ ᠪᠣᠯᠵᠤ ᠬᠦᠨᠳᠦ ᠣᠨᠴᠠ ᠶᠡᠭᠡ ᠭᠠᠯ ᠲᠦᠢᠮᠡᠷ ᠭᠠᠷᠤᠭᠰᠠᠨ ᠪᠤᠶᠤ | ᠬᠥᠮᠥᠨ ᠬᠠᠷ᠎ᠠ ᠠᠳᠡᠵᠦ ᠰᠢᠷᠬᠠᠲᠤᠭᠰᠠᠨ ᠭᠡᠨᠡᠳᠡᠯ ᠭᠠᠷᠤᠭᠰᠠᠨ ᠭᠠᠵᠠᠷ ᠣᠷᠣᠨ᠂ ᠨᠢᠭᠡᠴᠢ ᠪᠣᠯᠣᠨ | ᠬᠠᠷᠢᠭᠤᠴᠠᠯᠭᠠᠲᠠᠨ ᠠᠴᠠ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠵᠢᠷᠭᠤᠭ᠎ᠠ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠢ ᠨᠢ ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠳ | ᠠᠰᠢᠭᠯᠠᠨ᠂ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠣᠶ ᠰᠢᠭᠤᠢ ᠶᠢᠨ ᠭᠠᠯ ᠲᠦᠢᠮᠡᠷ ᠢ ᠰᠡᠷᠭᠡᠶᠢᠯᠡᠵᠦ | ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷ ᠥᠷᠨᠢᠭᠦᠯᠦᠨ᠂ ᠣᠯᠠᠨ ᠨᠡᠶᠢᠲᠡ ᠶᠢᠨ ᠬᠠᠷᠢᠭᠤᠴᠠᠯᠭᠠᠲᠤ | ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠣᠯᠣᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠨᠢ | ᠨᠡᠮᠡᠭᠳᠡᠭᠦᠯᠵᠦ᠂ ᠣᠯᠠᠨ ᠨᠡᠶᠢᠲᠡ ᠶᠢᠨ ᠤᠷᠢᠳᠴᠢᠯᠠᠨ ᠰᠡᠷᠭᠡᠶᠢᠯᠡᠬᠦ᠂ ᠠᠶᠤᠯ ᠠᠴᠠ ᠵᠠᠶᠢᠯᠠᠰᠬᠢᠬᠦ᠂ ᠥᠪᠡᠷ ᠢ ᠪᠠᠨ | ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠭᠠᠯ | ᠲᠦᠢᠮᠡᠷ ᠭᠠᠷᠤᠭᠰᠠᠨ ᠴᠦ ᠭᠠᠮᠰᠢᠭ ᠪᠣᠯᠬᠤ ᠦᠭᠡᠢ᠂ ᠭᠠᠯ ᠤᠨ ᠭᠠᠮᠰᠢᠭ ᠡᠭᠦᠰᠦᠭᠰᠡᠨ ᠴᠦ ᠠᠳᠡᠵᠦ ᠰᠢᠷᠬᠠᠲᠤᠭᠰᠠᠨ | ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ | 2023 ᠣᠨ ᠤ 3 ᠳ᠋ᠤᠭᠠᠷ ᠰᠠᠷ᠎ᠠ ᠶᠢᠨ 19 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |