2023 ᠣᠨ ᠤ ᠰᠦᠩᠱᠠᠨ ᠲᠣᠭᠤᠷᠢᠭ ᠤᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠰᠢᠪᠲᠤᠷᠭᠠᠨ ᠳᠠᠭᠠᠨ ᠣᠷᠣᠪᠠ
ᠨᠡᠶᠢᠲᠡᠯᠡᠭᠰᠡᠨ ᠴᠠᠭ᠄
2023/8/16
     2023 ᠣᠨ ᠳᠤ᠂ ᠰᠢᠶᠠᠩ ᠪᠠᠯᠭᠠᠰᠤ ᠶᠢᠨ ᠳᠡᠭᠡᠭᠰᠢ ᠮᠡᠳᠡᠭᠦᠯᠬᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠬᠠᠮᠲᠤᠷᠠᠨ ᠬᠢᠨᠠᠨ ᠬᠠᠷᠭᠤᠭᠤᠯᠬᠤ ᠪᠠᠷ ᠳᠡᠮᠵᠢᠨ᠂ ᠮᠠᠨ ᠤ ᠲᠣᠭᠤᠷᠢᠭ ᠨᠡᠶᠢᠲᠡ 16 ᠡᠷᠦᠬᠡ ᠶᠢᠨ ᠬᠥᠳᠡᠯᠦᠩᠭᠦᠶ ᠪᠠᠷ ᠰᠢᠨ᠎ᠡ ᠪᠠᠷ ᠨᠡᠮᠡᠭᠳᠡᠭᠰᠡᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠡᠭᠦᠷᠭᠡ ᠶᠢ ᠲᠣᠭᠲᠠᠭᠠᠪᠠ᠂ ᠡᠨᠡ 16 ᠡᠷᠦᠬᠡ ᠶᠢᠨ ᠬᠥᠳᠡᠯᠦᠩᠭᠦᠶ ᠪᠠᠷ ᠰᠢᠨ᠎ᠡ ᠪᠠᠷ ᠨᠡᠮᠡᠭᠳᠡᠭᠰᠡᠨ ᠶᠠᠳᠠᠭᠤ ᠬᠦᠴᠢᠷᠳᠡᠯᠲᠡᠶ ᠡᠷᠦᠬᠡ ᠳᠤ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ 13 ᠡᠷᠦᠬᠡ᠂ ᠬᠥᠳᠡᠭᠡ ᠲᠣᠰᠬᠤᠨ ᠤ ᠲᠠᠷᠠᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ 2 ᠡᠷᠦᠬᠡ᠂ ᠭᠡᠨᠡᠳᠲᠡ ᠶᠢᠨ ᠬᠦᠨᠳᠦ ᠨᠣᠴᠢᠲᠠᠶ ᠬᠦᠴᠢᠷᠳᠡᠯᠲᠡᠶ 1 ᠡᠷᠦᠬᠡ ᠶᠢ ᠪᠠᠭᠲᠠᠭᠠᠵᠤ᠂ ᠪᠦᠬᠦᠨ ᠢ 2023 ᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠲᠥᠯᠥᠪᠯᠡᠭᠡ ᠳᠤ ᠣᠷᠣᠭᠤᠯᠤᠭᠰᠠᠨ ᠪᠠᠶᠢᠨ᠎ᠠ᠃ ᠣᠲᠣ ᠪᠣᠯᠲᠠᠯ᠎ᠠ ᠨᠢᠭᠡᠨᠲᠡ 16 ᠡᠷᠦᠬᠡ ᠶᠢᠨ ᠠᠵᠢᠯ ᠢ ᠡᠬᠢᠯᠡᠭᠦᠯᠵᠦ᠂ 15 ᠡᠷᠦᠬᠡ ᠶᠢᠨ ᠠᠵᠢᠯ ᠢ ᠳᠠᠭᠤᠰᠬᠠᠪᠠ᠃    ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠰᠦᠩᠱᠠᠨ ᠲᠣᠭᠤᠷᠢᠭ ᠤᠨ 2023 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ᠲᠠᠷᠬᠠᠭᠠᠭᠰᠠᠨ︹2023︺10 ᠳ᠋ᠤᠭᠠᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠬᠤ ᠪᠠ ᠰᠢᠯᠭᠠᠨ ᠠᠪᠬᠤ ᠵᠡᠷᠭᠡ ᠬᠠᠮᠢᠶ᠎ᠠ ᠪᠥᠬᠦᠶ ᠠᠵᠢᠯ ᠢ ᠳᠠᠭᠤᠰᠬᠠᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠮᠠᠨ ᠤ ᠲᠣᠭᠤᠷᠢᠭ ᠤᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠷᠭᠦᠯᠵᠢᠯᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠳᠤ ᠬᠥᠳᠡᠯᠦᠩᠭᠦᠶ ᠬᠢᠨᠠᠨ ᠬᠡᠮᠵᠢᠯᠲᠡ ᠬᠢᠵᠦ᠂ ᠶᠠᠳᠠᠭᠤ ᠬᠦᠴᠢᠷᠳᠡᠯᠲᠡᠶ ᠬᠡᠷ ᠪᠦᠯᠢ ᠶᠢᠨ ᠣᠷᠣᠨ ᠰᠠᠭᠤᠴᠠ ᠶᠢᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号