8 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠰᠥᠩ ᠴᠢᠩ | ᠯᠢᠩ ᠰᠠᠭᠤᠷᠢ ᠮᠥᠩᠭᠦᠨ ᠤ ᠨᠡᠶᠢᠭᠡᠮᠯᠢᠭ᠂ ᠵᠢᠶᠧ ᠪᠦᠦ ᠯᠦ ᠬᠤ᠋ ︵ᠳᠤᠮᠳᠠᠳᠤ ᠤᠯᠤᠰ︶ ᠪᠣᠯᠤᠨ ᠪᠡᠭᠡᠵᠢᠩ ᠤᠨ | ᠲᠦᠩ ᠷᠧᠨ ᠵᠠᠩ ᠰᠢᠶᠤᠤ ᠯᠧᠦ ᠨᠢᠳᠦᠨ ᠤ ᠰᠠᠯᠠᠭᠠᠨ ᠤ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ | ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠠᠴᠠ ᠳᠠᠭᠠᠭᠠᠨ | ᠡᠷᠭᠢᠯᠡᠭᠰᠡᠨ ︽ᠵᠠᠯᠠᠭᠤᠴᠤᠳ ᠪᠠᠭᠠᠴᠤᠳ ᠤᠨ ᠬᠠᠷᠠᠭ᠎ᠠ ᠥᠪᠥᠷ ᠮᠣᠩᠭᠤᠯ ᠢ ᠬᠠᠯᠠᠮᠵᠢᠯᠠᠬᠤ ᠠᠶᠠᠯᠠᠯ︾ ᠤᠨ ᠲᠥᠷᠥᠯ | ᠵᠦᠢᠯ ᠤᠨ ᠡᠬᠢᠯᠡᠯᠲᠡ ᠶᠢᠨ ᠶᠣᠰᠣᠯᠠᠯ ᠰᠦᠩᠱᠠᠨ ᠲᠣᠭᠤᠷᠢᠭ ᠲᠤ ᠶᠠᠪᠤᠭᠳᠠᠪᠠ᠃ ᠳᠤᠮᠳᠠᠳᠤ ᠤᠯᠤᠰ ᠤᠨ ᠰᠥᠩ | ᠴᠢᠩ ᠯᠢᠩ ᠰᠠᠭᠤᠷᠢ ᠮᠥᠩᠭᠦᠨ ᠤ ᠨᠡᠶᠢᠭᠡᠮᠯᠢᠭ ᠤᠨ ᠰᠠᠭᠤᠷᠢ ᠮᠥᠩᠭᠦᠨ ᠤ ᠬᠡᠯᠲᠡᠰ ᠤᠨ ᠳᠠᠷᠤᠭ᠎ᠠ ᠰᠥᠩ ᠵᠢᠶᠠᠨ᠂ | ᠵᠢᠶᠧ ᠪᠦᠦ ᠯᠦ ᠬᠤ᠋ ᠪᠥᠬᠦ ᠪᠥᠮᠪᠥᠷᠴᠡᠭ ᠤᠨ ᠬᠡᠷᠡᠭ ᠮᠡᠳᠡᠭᠴᠢ᠂ ᠵᠢᠶᠧ ᠪᠦᠦ ᠯᠦ ᠬᠤ᠋ ︵ᠳᠤᠮᠳᠠᠳᠤ ᠤᠯᠤᠰ︶ ᠶᠢᠨ | ᠶᠡᠷᠦᠩᠬᠡᠶ ᠵᠠᠬᠢᠷᠤᠭᠴᠢ ᠵᠢᠴᠢ ᠲᠡᠷᠢᠭᠦᠨ ᠭᠦᠢᠴᠡᠳᠬᠡᠭᠴᠢ ᠲᠤᠰᠢᠶᠠᠯᠲᠠᠨ ᠫᠠᠨ ᠴᠢᠩ᠂ ᠪᠡᠭᠡᠵᠢᠩ ᠤᠨ ᠲᠦᠩ ᠷᠧᠨ | ᠵᠠᠩ ᠰᠢᠶᠤᠤ ᠯᠧᠦ ᠨᠢᠳᠦᠨ ᠰᠠᠯᠠᠭᠠᠨ ᠤ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ | ᠨᠠᠷᠢᠨ ᠪᠢᠴᠢᠭ ᠤᠨ ᠳᠠᠷᠤᠭ᠎ᠠ ᠯᠢᠦ ᠸᠧᠨ ᠶᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠰᠦᠶ ᠰᠢᠶᠤᠤ ᠵᠢᠶᠧ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠡᠷᠬᠢᠯᠡᠭᠴᠢ ᠯᠢᠦ ᠴᠧᠩ ᠹᠦ᠋᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠰᠢᠤᠢ ᠹᠸᠢ ᠶᠠᠨ ᠨᠠᠷ ᠶᠣᠰᠣᠯᠠᠯ ᠳᠤ ᠣᠷᠣᠯᠴᠠᠪᠠ᠃ | ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠰᠥᠩ ᠴᠢᠩ ᠯᠢᠩ ᠰᠠᠭᠤᠷᠢ ᠮᠥᠩᠭᠦᠨ ᠤ ᠨᠡᠶᠢᠭᠡᠮᠯᠢᠭ᠂ ᠵᠢᠶᠧ | ᠪᠦᠦ ᠯᠦ ᠬᠤ᠋ ︵ᠳᠤᠮᠳᠠᠳᠤ ᠤᠯᠤᠰ︶ 240 ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ | ᠵᠠᠯᠠᠭᠤᠴᠤᠳ ᠪᠠᠭᠠᠴᠤᠳ ᠤᠨ ᠬᠠᠷᠠᠭ᠎ᠠ ᠶᠢ ᠰᠢᠭᠰᠢᠨ ᠪᠠᠶᠢᠴᠠᠭᠠᠬᠤ᠂ ᠨᠢᠳᠦᠨ ᠤ ᠡᠪᠡᠳᠴᠢᠨ ᠲᠠᠢ ᠬᠡᠤᠬᠡᠳ ᠢ ᠮᠡᠰᠡ | ᠵᠠᠰᠠᠯ ᠢᠶᠠᠷ ᠠᠪᠤᠷᠠᠨ ᠵᠠᠰᠠᠬᠤ ᠵᠢᠴᠢ ᠦᠨᠳᠦᠰᠦᠨ ᠱᠠᠲᠤᠨ ᠤ ᠨᠢᠳᠦᠨ ᠤ ᠰᠠᠯᠠᠭᠠᠨ ᠤ ᠡᠮᠴᠢ ᠶᠢᠨ ᠲᠤᠰᠬᠠᠶ | ᠮᠡᠷᠭᠡᠵᠢᠯ ᠤᠨ ᠪᠣᠯᠪᠠᠰᠤᠷᠠᠭᠤᠯᠤᠯ ᠵᠡᠷᠭᠡ ᠳᠤ ᠬᠡᠷᠡᠭᠯᠡᠨ᠎ᠡ᠃ | ᠰᠢᠤᠢ ᠹᠸᠢ ᠶᠠᠨ ᠪᠠᠶᠠᠷ ᠤᠨ ᠦᠭᠡ ᠬᠡᠯᠡᠬᠦ ᠳᠡᠭᠡᠨ᠂ ᠭᠤᠤᠯᠯᠠᠨ ᠡᠷᠭᠢᠯᠡᠭᠰᠡᠨ ᠲᠠᠯ᠎ᠠ ᠶᠢᠨ ᠬᠢᠨ ᠤ ᠲᠣᠰ | ᠤᠳᠠᠭᠠᠨ ᠤ ᠠᠵᠢᠯᠯᠠᠭ᠎ᠠ ᠶᠢ ᠳᠡᠮᠵᠢᠭᠰᠡᠨ ᠳᠤ ᠴᠢᠩ ᠰᠡᠳᠬᠢᠯ ᠤᠨ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ | ᠲᠡᠷᠡ ᠲᠤᠰᠠᠯᠠᠮᠵᠢ ᠬᠦᠷᠳᠡᠭᠰᠡᠨ ᠵᠠᠯᠠᠭᠤ ᠪᠠᠭᠠᠴᠤᠳ ᠤᠨ ᠠᠴᠢ ᠬᠠᠷᠢᠭᠤᠯᠠᠯ ᠡᠪᠦᠷᠯᠡᠵᠦ᠂ ᠰᠠᠭᠤᠷᠢ ᠮᠥᠩᠭᠦᠨ ᠤ | ᠨᠡᠶᠢᠭᠡᠮᠯᠢᠭ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ | ᠪᠠᠶᠢᠬᠤ ᠶᠢ ᠬᠦᠰᠡᠪᠡ᠃ ᠰᠦᠩᠱᠠᠨ ᠲᠣᠭᠤᠷᠢᠭ ᠤᠨ ᠥᠷᠭᠡᠨ ᠤᠯᠠᠨ ᠡᠮ ᠡᠮᠨᠡᠯᠭᠡ ᠶᠢᠨ ᠠᠵᠢᠯᠲᠠᠳ ᠡᠨᠡ | ᠤᠳᠠᠭ᠎ᠠ ᠶᠢᠨ ᠣᠯᠳᠠᠬᠤᠶ᠎ᠠ ᠪᠡᠷᠬᠡ ᠰᠤᠷᠤᠯᠴᠠᠬᠤ ᠲᠣᠬᠢᠶᠠᠯ ᠢ ᠬᠤᠪᠢ ᠲᠠᠬᠢᠨ ᠨᠠᠨᠳᠢᠩᠨᠠᠵᠤ᠂ ᠲᠤᠰᠬᠠᠢ | ᠮᠡᠷᠭᠡᠵᠢᠯᠲᠡᠨ ᠤ ᠨᠠᠷᠢᠯᠢᠭ ᠮᠡᠷᠭᠡᠵᠢᠯ ᠢ ᠰᠤᠷᠤᠯᠴᠠᠬᠤ ᠪᠠᠷ ᠪᠠᠷᠠᠬᠤ ᠦᠭᠡᠢ ᠨᠡᠩ ᠴᠤ ᠲᠡᠳᠡᠨ ᠤ ᠨᠠᠷᠢᠨ ᠬᠢᠨᠠᠮᠠᠭᠠᠢ | ᠬᠠᠷᠢᠭᠤᠴᠠᠬᠤ ᠠᠵᠢᠯ ᠤᠨ ᠣᠪᠣᠷ ᠪᠣᠯᠤᠨ ᠳᠡᠭᠡᠳᠦ ᠬᠡᠮᠵᠢᠶᠡᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ | ᠰᠤᠷᠤᠯᠴᠠᠵᠤ᠂ ᠮᠡᠳᠡᠯᠭᠡ ᠪᠠᠨ ᠨᠡᠮᠡᠭᠳᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ︽ᠡᠷᠡᠭᠦᠯ ᠡᠩᠬᠡ ᠰᠦᠩᠱᠠᠨ︾ | ᠢ ᠪᠦᠳᠦᠭᠡᠨ ᠪᠠᠶᠢᠭᠤᠯᠬᠤ ᠳᠤ ᠨᠡᠩ ᠰᠠᠶᠢᠨ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ︕ | ᠣᠶᠢᠯᠠᠭᠠᠭᠰᠠᠨ ᠢᠶᠠᠷ᠂ 8 ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ᠂ ᠪᠡᠭᠡᠵᠢᠩ ᠤᠨ ᠲᠦᠩ | ᠷᠧᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠪᠦᠯᠬᠦᠮ ᠨᠢᠭᠡᠨᠲᠡ ᠪᠥᠬᠦ ᠬᠤᠲᠠ ᠶᠢᠨ ᠨᠢᠳᠦᠨ ᠤ | ᠡᠪᠡᠳᠴᠢᠨ ᠲᠠᠢ 29 ᠬᠡᠤᠬᠡᠳ ᠪᠠ ᠵᠠᠯᠠᠭᠤᠴᠤᠳ ᠪᠠᠭᠠᠴᠤᠳ ᠲᠤ ᠰᠦᠢᠳᠬᠡᠯ ᠬᠤᠷᠢᠶᠠᠬᠤ ᠥᠬᠡᠶ ᠪᠠᠷ ᠮᠡᠰᠡ ᠵᠠᠰᠠᠯ | ᠬᠢᠵᠦ᠂ ᠲᠡᠳᠡᠨ ᠤ ᠡᠪᠡᠳᠴᠢᠨ ᠡᠮᠭᠡᠭ ᠤᠨ ᠵᠣᠪᠠᠭᠤᠷᠢ ᠶᠢ ᠨᠢ ᠠᠷᠢᠯᠭᠠᠵᠤ ᠥᠭᠭᠦᠭᠰᠡᠨ ᠪᠠᠶᠢᠨ᠎ᠠ᠃ ᠵᠠᠯᠭᠠᠭᠠᠳ᠂ | ᠲᠤᠰᠬᠠᠶ ᠮᠡᠷᠭᠡᠵᠢᠯᠲᠡᠨ ᠤ ᠪᠦᠯᠬᠦᠮ ᠰᠦᠩᠱᠠᠨ ᠲᠣᠭᠤᠷᠢᠭ ᠲᠤ ︽ᠵᠠᠯᠠᠭᠤᠴᠤᠳ ᠪᠠᠭᠠᠴᠤᠳ ᠤᠨ ᠬᠠᠷᠠᠭᠠᠨ ᠤ | ᠬᠠᠶᠢᠷ᠎ᠠ ᠬᠠᠯᠠᠮᠵᠢ︾ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠢᠳᠦᠨ ᠤ ᠰᠠᠯᠠᠭᠠᠨ ᠤ ᠪᠠᠶᠢᠩᠭᠤ | ᠲᠣᠬᠢᠶᠠᠯᠳᠤᠳᠠᠭ ᠡᠪᠡᠳᠴᠢᠨ ᠳᠤ ᠴᠢᠭᠯᠡᠭᠦᠯᠦᠨ ᠣᠨᠣᠰᠢᠯᠠᠨ ᠵᠠᠰᠠᠵᠤ᠂ ᠵᠠᠯᠠᠭᠤᠴᠤᠳ ᠪᠠᠭᠠᠴᠤᠳ ᠢ ᠨᠠᠩ ᠰᠠᠷᠠᠭᠤᠯ | ᠢᠷᠡᠭᠡᠳᠦᠶ ᠲᠠᠢ ᠪᠣᠯᠭᠠᠨ᠎ᠠ᠃ |