ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠶᠢ ︽ᠭᠤᠷᠪᠠᠳᠤᠭᠠᠷ ᠳᠡᠰ ᠤᠨ ᠬᠥᠬᠡᠭᠴᠢᠨ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ︾ ᠪᠣᠯᠭᠠᠨ ᠳᠡᠪᠰᠢᠭᠦᠯᠬᠦ ᠫᠠᠶᠢᠰᠠ ᠰᠡᠬᠦᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/8/16
     8 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠶᠢᠨ ︽ᠭᠤᠷᠪᠠᠳᠤᠭᠠᠷ ᠳᠡᠰ ᠤᠨ ᠬᠥᠬᠡᠭᠴᠢᠨ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ︾ ᠶᠢᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠰᠦᠶ ᠰᠢᠶᠤᠤ ᠵᠢᠶᠧ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠢᠦ ᠴᠧᠩ ᠹᠦ᠋᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠵᠡᠷᠭᠡ ᠤᠳᠤᠷᠢᠳᠤᠯᠭ᠎ᠠ ᠶᠣᠰᠣᠯᠠᠯ ᠳᠤ ᠣᠷᠣᠯᠴᠠᠪᠠ︔ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠶᠣᠰᠣᠯᠠᠯ ᠢ ᠡᠷᠭᠢᠯᠡᠪᠡ᠃    ᠰᠦᠢ ᠰᠢᠶᠤᠤ ᠵᠢᠶᠧ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠦᠨ᠎ᠡ ᠠᠴᠠ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠶᠢᠨ ︽ᠭᠤᠷᠪᠠᠳᠤᠭᠠᠷ ᠳᠡᠰ ᠤᠨ ᠬᠥᠬᠡᠭᠴᠢᠨ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ︾ ᠪᠤᠯᠵᠤ ᠳᠡᠪᠰᠢᠭᠰᠡᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠠᠷᠪᠠᠨ ᠵᠢᠯ ᠤᠨ ᠲᠤᠷᠰᠢ᠂ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠬᠠᠲᠠᠭᠤ ᠲᠣᠨᠤᠭ ᠲᠥᠬᠦᠭᠡᠷᠦᠮᠵᠢ ᠪᠠ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠶᠡᠭᠡ ᠪᠠᠷ ᠰᠠᠶᠢᠵᠢᠷᠠᠭᠤᠯᠵᠤ᠂ ︽ᠲᠠᠪᠤᠨ ᠶᠡᠭᠡ ᠲᠥᠪ︾ ᠤᠨ ᠪᠠᠶᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠴᠤ ᠨᠡᠯᠢᠶᠡᠳ ᠲᠦᠷᠭᠡᠨ ᠬᠥᠭᠵᠢᠯᠲᠡ ᠲᠠᠢ ᠪᠣᠯᠵᠣ᠂ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠪᠠᠷ ᠲᠣᠬᠢᠷᠠᠭᠤᠯᠤᠭᠰᠠᠨ ᠠᠴᠠ ᠠᠪᠤᠭᠠᠳ ᠬᠢᠨᠠᠨ ᠰᠢᠯᠭᠠᠷᠠᠭᠤᠯᠤᠯᠲᠠ ᠳᠤ ᠬᠢᠷᠢ ᠲᠡᠩᠴᠡᠭᠦ ᠪᠣᠯᠲᠠᠯ᠎ᠠ ᠵᠥᠪᠬᠡᠨ ᠭᠤᠷᠪᠠᠨ ᠵᠢᠯ ᠭᠠᠷᠤᠶ ᠶᠢᠨ ᠴᠠᠭ ᠬᠡᠷᠡᠭᠰᠡᠪᠡ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠦᠢᠯᠡᠰ ᠤᠨ ᠲᠡᠤᠬᠡᠨ ᠳᠠᠬᠢ ᠴᠢᠬᠤᠯᠠ ᠶᠡᠭᠡ ᠰᠢᠪᠲᠤᠯᠤᠯᠲᠠ ᠮᠥᠨ᠃ ᠳᠠᠷᠠᠭᠠᠴᠢ ᠶᠢᠨ ᠠᠯᠬᠤᠮ ᠳᠤ᠂ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠡᠨᠡᠬᠦ ᠰᠠᠭᠤᠷᠢᠨ ᠳᠡᠭᠡᠷ᠎ᠡ ᠦᠷᠭᠦᠯᠵᠢᠯᠡᠨ ᠴᠢᠷᠮᠠᠶᠢᠵᠤ᠂ ᠡᠷᠡᠭᠦᠯ ᠡᠩᠭᠡ ᠳᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ ᠪᠠᠷ ᠵᠢᠯᠤᠭᠤᠳᠤᠯᠭ᠎ᠠ ᠪᠣᠯᠭᠠᠵᠤ᠂ ᠡᠮᠨᠡᠯᠭᠡ ᠶᠢᠨ ᠬᠤᠷᠢᠶᠠᠨ ᠤ ᠡᠵᠡᠩᠨᠡᠯᠲᠡ ᠬᠠᠮᠢᠶᠠᠷᠤᠯᠲᠠ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠣᠯᠤᠨ ᠡᠮᠴᠢ ᠶᠢᠨ ᠮᠣᠷᠠᠯ ᠰᠤᠷᠲᠠᠯ ᠤᠨ ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠵᠤ᠂ ︽ᠤᠯᠠᠨ ᠲᠦᠮᠡᠨ ᠬᠠᠨᠤᠮᠵᠢᠲᠠᠢ᠂ ᠨᠡᠶᠢᠭᠡᠮ ᠨᠡᠶᠢᠲᠡ ᠪᠠᠷ ᠢᠶᠠᠨ ᠬᠠᠨᠤᠮᠵᠢᠲᠠᠢ᠂ ᠵᠠᠰᠠᠭ ᠤᠨ ᠣᠷᠳᠣᠨ ᠬᠠᠨᠤᠮᠵᠢᠲᠠᠢ︾ ᠠᠷᠠᠳ ᠤᠨ ᠡᠮᠨᠡᠯᠭᠡ ᠶᠢᠨ ᠬᠤᠷᠢᠶ᠎ᠠ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃    ᠵᠦᠩ ᠴᠢᠩ ᠰᠦᠩ ᠪᠠᠶᠠᠷ ᠤᠨ ᠦᠭᠡ ᠳᠡᠭᠡᠨ ᠢᠯᠡᠷᠬᠡᠶᠢᠯᠡᠭᠰᠡᠨ ᠨᠢ᠂ ᠰᠦᠩᠱᠠᠨ ᠲᠣᠭᠤᠷᠢᠭ ᠤᠨ ᠬᠢᠨ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠶᠢᠨ ︽ᠭᠤᠷᠪᠠᠳᠤᠭᠠᠷ ᠳᠡᠰ ᠤᠨ ᠬᠥᠬᠡᠭᠴᠢᠨ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ︾ ᠳᠤ ᠠᠮᠵᠢᠯᠲᠠ ᠲᠠᠢ ᠳᠡᠪᠰᠢᠭᠰᠡᠨ ᠢᠶᠠᠷ ᠠᠵᠠ ᠲᠣᠬᠢᠶᠠᠯ ᠪᠣᠯᠭᠠᠵᠤ᠂ ᠰᠠᠭᠤᠷᠢ ᠪᠠᠨ ᠪᠠᠲᠤᠳᠬᠠᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠬᠤᠭᠤᠴᠠᠭ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ᠎ᠡ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠳᠠᠭᠠᠭᠠᠴᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ ︽ᠮᠠᠩᠯᠠᠶ︾ ᠶᠢ ᠬᠦᠴᠦᠯᠡᠨ ᠪᠣᠶ ᠪᠣᠯᠭᠠᠵᠤ᠂ ᠡᠮᠴᠢᠯᠡᠭᠡᠨ ᠤ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠬᠦ ᠡᠷᠴᠢᠮ ᠢ ᠴᠢᠩᠭᠠᠷᠠᠭᠤᠯᠤᠨ᠂ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠤᠨᠴᠠᠯᠢᠬᠳᠤ ᠬᠢᠴᠢᠶᠡᠯ ᠲᠥᠷᠥᠯ ᠢ ᠳᠣᠪᠤᠶᠢᠯᠭᠠᠨ᠂ ︽ᠮᠠᠩᠯᠠᠶ ᠰᠠᠯᠠᠭ᠎ᠠ ᠲᠠᠰᠤᠭ︾ ᠢ ᠪᠣᠶ ᠪᠣᠯᠭᠠᠨ᠎ᠠ︔ ᠪᠥᠬᠦ ᠲᠠᠯ᠎ᠠ ᠪᠠᠷ ᠰᠢᠰᠲ᠋ᠧᠮᠵᠢ ᠶᠢ ᠰᠢᠯᠢᠳᠡᠭᠵᠢᠭᠦᠯᠵᠦ᠂ ᠠᠯᠤᠰ ᠡᠵᠡᠮᠰᠢᠯᠲᠦ ᠡᠮᠴᠢᠯᠡᠭᠡ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠭᠦᠨᠵᠡᠭᠡᠶ ᠬᠥᠭᠵᠢᠭᠦᠯᠦᠨ᠂ ᠰᠦᠩᠱᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠡᠮᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠨᠠᠩ ᠭᠦᠢᠴᠡᠳ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠠᠩ ᠲᠡᠩᠴᠡᠭᠦᠷᠢᠲᠡᠶ᠂ ᠦᠢᠯᠡᠴᠢᠯᠡᠭᠡ ᠶᠢ ᠨᠠᠩ ᠲᠥᠬᠦᠮ ᠪᠣᠯᠭᠠᠵᠤ᠂ ᠠᠷᠠᠳ ᠣᠯᠠᠨ ᠳᠤ ᠨᠠᠩ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号