ᠣᠶᠢᠷ᠎ᠠ ᠶᠢᠨ ᠬᠤᠭᠤᠴᠠᠭᠠᠨ ᠳᠤ ᠲᠣᠭᠯᠠᠯᠲᠠ ᠶᠢᠨ ᠵᠠᠬ᠎ᠠ ᠳᠡᠯᠭᠡᠭᠦᠷ ᠲᠦᠷᠭᠡᠨ ᠢᠶᠠᠷ ᠰᠡᠷᠭᠦᠵᠦ᠂ ᠡᠯ᠎ᠡ | ᠲᠥᠷᠥᠯ ᠤᠨ ᠲᠣᠭᠯᠠᠯᠲᠠ ᠶᠢᠨ ᠠᠵᠢᠯᠯᠠᠭ᠎ᠠ ᠶᠡᠭᠡ ᠬᠡᠮᠵᠢᠶ᠎ᠡ ᠪᠠᠷ ᠨᠡᠮᠡᠭᠳᠡᠵᠦ᠂ ᠰᠣᠶᠣᠯ ᠤᠨ ᠵᠠᠬ᠎ᠠ ᠳᠡᠯᠭᠡᠭᠦᠷ ᠢ | ᠴᠡᠴᠡᠭᠯᠡᠭᠦᠯᠦᠨ ᠬᠥᠭᠵᠢᠭᠦᠯᠬᠦ ᠶᠢᠨ ᠵᠡᠷᠭᠡ ᠳᠤ ᠣᠨᠴᠠ ᠵᠠᠷᠢᠮ ᠲᠣᠭᠯᠠᠯᠲᠠ ᠶᠢᠨ ᠠᠵᠢᠯᠯᠠᠭ᠎ᠠ ᠳᠤ ᠲᠤᠬᠠᠶ ᠶᠢᠨ | ᠲᠠᠯᠠᠪᠤᠷ ᠲᠤ ᠠᠮᠤᠷ ᠲᠦᠪᠰᠢᠨ ᠤ ᠠᠳᠡᠯ ᠭᠠᠷᠴᠤ᠂ ᠬᠡᠰᠡᠭ ᠣᠯᠠᠨ ᠤ ᠠᠩᠬᠠᠷᠤᠯ ᠢ ᠲᠠᠲᠠᠭᠰᠠᠨ ᠲᠣᠭᠯᠠᠯᠲᠠ ᠳᠤ | ᠪᠢᠯᠧᠲ ᠰᠠᠷᠢᠭᠠᠯᠠᠬᠤ ᠵᠡᠷᠭᠡ ᠠᠰᠠᠭᠤᠳᠠᠯ ᠣᠷᠣᠰᠢᠵᠤ᠂ ᠲᠣᠭᠯᠠᠯᠲᠠ ᠶᠢᠨ ᠵᠠᠬ᠎ᠠ ᠳᠡᠯᠭᠡᠭᠦᠷ ᠤᠨ ᠡᠷᠡᠭᠦᠯ ᠪᠥᠭᠡᠳ | ᠡᠮᠬᠢ ᠵᠢᠷᠤᠮ ᠲᠠᠢ ᠬᠥᠭᠵᠢᠬᠦ ᠶᠢ ᠨᠥᠯᠥᠭᠡᠯᠡᠵᠦ ᠪᠠᠶᠢᠨ᠎ᠠ᠃ ᠲᠣᠭᠯᠠᠯᠲᠠ ᠶᠢᠨ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠭᠯᠠᠯᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠤᠨ᠂ ᠲᠣᠭᠯᠠᠯᠲᠠ ᠶᠢᠨ ᠵᠠᠬ᠎ᠠ ᠳᠡᠯᠭᠡᠭᠦᠷ ᠤᠨ ᠬᠡᠷᠡᠭᠯᠡᠭᠡ ᠶᠢ ᠠᠬᠢᠭᠤᠯᠬᠤ᠂ ᠨᠡᠮᠡᠭᠳᠡᠯ ᠢ | ᠲᠣᠭᠲᠠᠪᠤᠷᠢᠵᠢᠭᠤᠯᠬᠤ ᠲᠠᠯ᠎ᠠ ᠪᠠᠷ ᠬᠢ ᠢᠳᠡᠪᠬᠢᠲᠡᠶ ᠦᠢᠯᠡᠳᠦᠯ ᠢ ᠭᠦᠢᠴᠡᠳ ᠪᠠᠳᠠᠷᠠᠭᠤᠯᠵᠤ᠂ ᠰᠣᠶᠣᠯ ᠤᠨ ᠵᠠᠬ᠎ᠠ | ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ | ᠶᠠᠮᠤᠨ ᠤ ᠠᠯᠪᠠᠨ ᠲᠢᠩᠬᠢᠮ ︽ᠲᠣᠭᠯᠠᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ ᠲᠣᠭᠯᠠᠯᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠲᠤᠬᠠᠶ ᠮᠡᠳᠡᠭᠳᠡᠯ︾ ᠢ | ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ ᠲᠣᠭᠯᠠᠯᠲᠠ ᠶᠢᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠵᠥᠪᠰᠢᠶᠡᠷᠡᠯ ᠤᠨ | ᠲᠦᠷᠢᠮ ᠢ ᠴᠢᠩᠭ᠎ᠠ ᠬᠡᠷᠡᠭᠵᠢᠭᠦᠯᠬᠦ᠂ ᠲᠣᠭᠯᠠᠯᠲᠠ ᠶᠢᠨ ᠠᠵᠢᠯᠯᠠᠭ᠎ᠠ ᠶᠢᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ | ᠪᠥᠬᠦ ᠲᠠᠯ᠎ᠠ ᠪᠠᠷ ᠴᠢᠩᠭᠠᠳᠬᠠᠬᠤ᠂ ᠲᠣᠭᠯᠠᠯᠲᠠ ᠶᠢᠨ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ ᠶᠢ | ᠦᠷᠭᠦᠯᠵᠢᠯᠡᠨ ᠰᠠᠶᠢᠲᠤᠷ ᠬᠢᠬᠦ᠂ ᠲᠣᠮᠣ ᠬᠡᠯᠪᠡᠷᠢ ᠶᠢᠨ ᠲᠣᠭᠯᠠᠯᠲᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ | ᠬᠢᠨᠠᠯᠲᠠ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠬᠤ᠂ ᠲᠣᠭᠯᠠᠯᠲᠠ ᠶᠢᠨ ᠪᠢᠯᠧᠲ ᠤᠨ ᠶᠠᠪᠤᠳᠠᠯ ᠤᠨ ᠵᠠᠬ᠎ᠠ | ᠳᠡᠯᠭᠡᠭᠦᠷ ᠤᠨ ᠡᠮᠬᠢ ᠵᠢᠷᠤᠮ ᠢ ᠦᠨᠡᠨ ᠬᠦ ᠵᠢᠷᠤᠮᠵᠢᠭᠤᠯᠬᠤ᠂ ᠲᠣᠭᠯᠠᠯᠲᠠ ᠡᠷᠭᠢᠯᠡᠬᠦ ᠨᠢᠭᠡᠴᠡ ᠶᠢᠨ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠵᠠᠬ᠎ᠠ | ᠳᠡᠯᠭᠡᠭᠦᠷ ᠤᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠴᠢᠩᠭᠠᠳᠬᠠᠬᠤ ᠵᠡᠷᠭᠡ 7 ᠲᠠᠯ᠎ᠠ ᠪᠠᠷ | ᠪᠠᠶᠢᠷᠢᠯᠠᠭᠤᠯᠤᠯᠲᠠ ᠬᠢᠪᠠ᠃ | ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠳ ᠨᠡᠶᠢᠭᠡᠮ ᠨᠡᠶᠢᠲᠡ ᠶᠢᠨ ᠠᠩᠬᠠᠷᠤᠯ ᠢ ᠶᠡᠭᠡ ᠲᠠᠲᠠᠭᠰᠠᠨ᠂ ᠪᠢᠯᠧᠲ ᠤᠨ ᠬᠠᠩᠭᠠᠯᠭ᠎ᠠ | ᠬᠡᠷᠡᠭᠴᠡᠭᠡ ᠪᠠᠴᠢᠮ ᠪᠠᠶᠢᠭ᠎ᠠ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢ ᠭᠤᠤᠯᠳᠠᠯᠭ᠎ᠠ ᠲᠠᠢ ᠬᠢᠨᠠᠨ ᠬᠠᠮᠢᠶᠠᠷᠬᠤ | ᠡᠲᠡᠭᠡᠳ ᠢᠶᠠᠨ ᠪᠣᠯᠭᠠᠵᠤ᠂ ᠤᠷᠢᠳᠴᠢᠯᠠᠨ ᠰᠤᠳᠤᠯᠤᠨ ᠮᠠᠭᠠᠳᠯᠠᠬᠤ ᠬᠡᠷᠡᠭᠲᠡᠶ᠃ ᠲᠣᠭᠯᠠᠯᠲᠠ ᠡᠷᠭᠢᠯᠡᠬᠦ ᠨᠢᠭᠡᠴᠡ᠂ | ᠲᠣᠭᠯᠠᠯᠲᠠ ᠶᠢᠨ ᠪᠢᠯᠧᠲ ᠤᠨ ᠶᠠᠪᠤᠳᠠᠯ ᠤᠨ ᠡᠵᠡᠩᠨᠡᠯᠲᠡ ᠶᠢᠨ ᠨᠢᠭᠡᠴᠡ ᠶᠢᠨ ᠵᠠᠬ᠎ᠠ ᠳᠡᠯᠭᠡᠭᠦᠷ ᠲᠤ ᠬᠠᠨᠳᠤᠭᠤᠯᠤᠨ | ᠢᠯᠡ ᠪᠠᠷ ᠪᠣᠷᠣᠯᠠᠭᠤᠯᠬᠤ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠪᠢᠯᠧᠲ ᠤᠨ ᠲᠤᠭ᠎ᠠ ᠬᠡᠮᠵᠢᠶ᠎ᠡ ᠶᠢ ᠬᠢᠨᠠᠨ | ᠵᠥᠪᠰᠢᠶᠡᠷᠡᠭᠰᠡᠨ ᠦᠵᠡᠭᠴᠢᠳ ᠤᠨ ᠲᠤᠭ᠎ᠠ ᠬᠡᠮᠵᠢᠶ᠎ᠡ ᠶᠢᠨ 70% ᠠᠴᠠ ᠳᠣᠤᠷ᠎ᠠ ᠪᠠᠶᠢᠯᠭᠠᠵᠤ ᠪᠣᠯᠬᠤ ᠥᠬᠡᠶ ᠭᠡᠵᠦ | ᠰᠢᠮᠳᠠᠭᠤᠯᠬᠤ ᠬᠡᠷᠡᠭᠲᠡᠢ᠃ |