ᠰᠦᠩᠱᠠᠨ ᠲᠣᠭᠤᠷᠢᠭ ᠤᠨ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/8/18
     ᠮᠠᠨ ᠤ ᠲᠣᠭᠤᠷᠢᠭ ᠤᠨ ᠡᠮ ᠡᠮᠨᠡᠯᠭᠡ ᠶᠢᠨ ᠬᠦᠷᠢᠶᠡᠨ ᠳᠠᠬᠢ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠰᠠᠬᠢᠯᠭ᠎ᠠ ᠪᠠᠲᠤ ᠠᠴᠠ ᠵᠥᠷᠢᠴᠡᠵᠦ ᠬᠠᠤᠯᠢ ᠵᠥᠷᠢᠴᠡᠭᠰᠡᠨ ᠬᠡᠷᠡᠭ ᠤᠨ ᠰᠦᠪᠡᠭᠴᠢ ᠶᠢ ᠴᠤᠭᠯᠠᠭᠤᠯᠬᠤ ᠶᠢ ᠴᠢᠩᠭᠠᠳᠬᠠᠵᠤ᠂ ᠣᠯᠠᠨ ᠲᠦᠮᠡᠨ ᠤ ᠠᠰᠠᠭᠤᠳᠠᠯ ᠢ ᠲᠤᠰᠬᠠᠬᠤ ᠪᠠ ᠢᠯᠡᠴᠢᠯᠡᠨ ᠮᠡᠳᠡᠭᠦᠯᠬᠦ ᠰᠦᠪᠡᠭᠴᠢ ᠬᠠᠩᠭᠠᠬᠤ ᠳᠤ ᠲᠥᠬᠦᠮ ᠦᠵᠡᠭᠦᠯᠬᠦ ᠶᠢᠨ ᠲᠦᠯᠦᠭᠡ᠂ ᠡᠳᠦᠭᠡ ᠮᠠᠨ ᠤ ᠲᠣᠭᠤᠷᠢᠭ ᠤᠨ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠪᠠ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠬᠡᠷᠪᠡ ᠬᠠᠮᠢᠶ᠎ᠠ ᠪᠥᠬᠦᠶ ᠠᠰᠠᠭᠤᠳᠠᠯ ᠤᠨ ᠰᠦᠪᠡᠭᠴᠢ ᠶᠢ ᠢᠯᠡᠷᠡᠭᠦᠯᠪᠡᠯ᠂ ᠲᠤᠬᠠᠶ ᠶᠢᠨ ᠲᠠᠯᠠᠪᠤᠷ ᠲᠤᠨᠢ ᠢᠯᠡᠴᠢᠯᠡᠨ ᠮᠡᠳᠡᠭᠦᠯᠬᠦ᠂ ᠤᠲᠠᠰᠤ ᠪᠠᠷ ᠢᠯᠡᠴᠢᠯᠡᠨ ᠮᠡᠳᠡᠭᠦᠯᠬᠦ᠂ ᠵᠠᠬᠢᠳᠠᠯ ᠢᠶᠠᠷ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠠᠪᠴᠤ ᠲᠤᠰᠬᠠᠬᠤ ᠪᠤᠶᠤ ᠢᠯᠡᠴᠢᠯᠡᠨ ᠮᠡᠳᠡᠭᠦᠯᠵᠦ ᠪᠣᠯᠤᠨ᠎ᠠ᠃ ᠬᠤᠯᠪᠣᠭᠳᠠᠯ ᠪᠦᠬᠦᠢ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢ ᠠᠯᠢ ᠴᠢᠳᠠᠬᠤ ᠪᠠᠷ ᠨᠠᠷᠢᠨ ᠪᠣᠳᠠᠲᠠᠶ ᠪᠠᠶᠢᠯᠭᠠᠵᠤ᠂ ᠢᠯᠡᠴᠢᠯᠡᠨ ᠮᠡᠳᠡᠭᠦᠯᠦᠭᠴᠢ ᠨᠢ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠃    ᠤᠲᠠᠰᠤ ᠪᠠᠷ ᠢᠯᠡᠴᠢᠯᠡᠨ ᠮᠡᠳᠡᠭᠦᠯᠬᠦ᠄    0476-8441443᠂ 0476-8440364᠃    ᠬᠦᠯᠢᠶᠡᠨ ᠠᠪᠬᠤ ᠴᠠᠭ᠄    ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ 9᠄ 00 ᠠᠴᠠ 12᠄ 00᠂ 14᠄ 30 ᠠᠴᠠ 17᠄ 30᠃    ᠲᠤᠬᠠᠢ ᠶᠢᠨ ᠲᠠᠯᠠᠪᠠᠢ ᠶᠢᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠬᠤ ᠪᠠᠶᠢᠭᠤᠯᠭ᠎ᠠ᠄    ᠪᠥᠬᠦ ᠲᠣᠭᠤᠷᠢᠭ ᠤᠨ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠠᠮᠵᠢᠯᠴᠠᠬᠤ ᠲᠣᠭᠲᠠᠴᠠ ᠶᠢᠨ ᠠᠵᠢᠯ ᠤᠨ ᠲᠤᠰᠬᠠᠶ ᠠᠩᠭᠢ ᠶᠢᠨ ᠠᠯᠪᠠᠨ ᠬᠡᠷ ︵ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 535 ᠲᠠᠰᠤᠭ᠂ 539 ᠲᠠᠰᠤᠭ︶    ᠬᠦᠯᠢᠶᠡᠨ ᠠᠪᠬᠤ ᠴᠠᠭ᠄    ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ 9᠄ 00 ᠠᠴᠠ 12᠄ 00᠂ 14᠄ 30 ᠠᠴᠠ 17᠄ 30᠃    ᠵᠠᠬᠢᠳᠠᠯ ᠢᠶᠠᠷ ᠢᠯᠡᠴᠢᠯᠡᠨ ᠮᠡᠳᠡᠭᠦᠯᠬᠦ ᠬᠠᠶ᠋ᠢᠭ᠄    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠨᠥᠬᠦᠷᠯᠡᠯ ᠶᠡᠭᠡ ᠵᠡᠭᠡᠯᠢ ᠬᠢᠭᠡᠳ ᠠᠭᠤᠳᠠᠮ ᠲᠠᠯᠠᠪᠠᠶ ᠵᠠᠮ ᠤᠨ ᠠᠭᠤᠯᠵᠠᠷ ᠭᠠᠵᠠᠷ᠂ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠠᠯᠪᠠᠨ ᠠᠰᠠᠷ ᠤᠨ 535 ᠥᠷᠥᠭᠡ᠂ 539 ᠥᠷᠥᠭᠡ᠂ ᠰᠢᠤᠳᠠᠨ ᠳ᠋ᠤᠭᠠᠷ᠄ 024005᠃        ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ                     2023 ᠣᠨ ᠤ 8 ᠰᠠᠷ᠎ᠠ ᠶᠢᠨ 15 ᠤ ᠡᠳᠦᠷ
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号