ᠰᠦᠩᠱᠠᠨ ᠲᠣᠭᠤᠷᠢᠭ ᠤᠨ ᠡᠨᠡᠬᠦ 3 ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠴᠤᠬᠤᠯᠠᠪᠤᠷᠢᠯᠠᠨ ᠲᠤᠭᠲᠠᠭᠠᠵᠤ᠂ ᠲᠤᠰᠬᠠᠢ ᠲᠦᠷᠦᠯ ᠤᠨ ᠪᠡᠯᠡ ᠮᠥᠩᠭᠦ 155 ᠲᠦᠮᠡᠨ ᠲᠥᠭᠦᠷᠢᠭ ᠢ ᠤᠯᠪᠠ
ᠨᠡᠶᠢᠲᠡᠯᠡᠭᠰᠡᠨ ᠴᠠᠭ᠄
2023/8/18
   ᠣᠶᠢᠷ᠎ᠠ ᠳᠤ᠂ ᠰᠦᠩᠱᠠᠨ ᠲᠣᠭᠤᠷᠢᠭ ᠤᠨ 3 ᠠᠵᠤ ᠠᠬᠤᠶᠢᠯᠠᠯ ᠤᠨ ᠮᠡᠳᠡᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ  ᠵᠦᠢᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠴᠤᠬᠤᠯᠠᠪᠤᠷᠢᠯᠠᠨ ᠲᠤᠭᠲᠠᠭᠠᠬᠤ ᠪᠠᠷ ᠳᠡᠮᠵᠢᠨ᠂ 155 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠣᠯᠤᠭᠰᠠᠨ ᠪᠠᠶᠢᠨ᠎ᠠ᠃    ᠡᠭᠦᠨ ᠳᠤ ᠥᠪᠥᠷ ᠮᠣᠩᠭᠤᠯ ᠤᠨ ᡁᠢ ᠶᠤᠸᠠᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠭᠦᠷᠭᠡᠯᠡᠭᠰᠡᠨ ︽ᠭᠤᠸᠠᠩ ᠢᠦᠶ inSAR ᠭᠠᠵᠠᠷ ᠤᠨ ᠭᠠᠳᠠᠷᠭᠤ ᠶᠢᠨ ᠰᠠᠭᠤᠭᠳᠠᠯ ᠤᠨ ᠠᠶᠤᠯ ᠲᠦᠭᠰᠢᠭᠦᠷᠢ ᠶᠢ ᠲᠦᠷᠭᠡᠨ ᠬᠢᠨᠠᠨ ᠬᠡᠮᠵᠢᠬᠦ ᠪᠠ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠷᠭ᠎ᠠ ᠶᠢᠨ ᠰᠤᠳᠤᠯᠤᠯ︾ ᠤᠨ ᠲᠥᠷᠥᠯ ᠵᠦᠢᠯ᠂ ᠥᠪᠥᠷ ᠮᠣᠩᠭᠤᠯ ᠤᠨ ᠺᠦᠨ ᠮᠧᠩ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠭᠦᠷᠭᠡᠯᠡᠭᠰᠡᠨ ︽ᠰᠢᠨ᠎ᠡ ᠬᠡᠯᠪᠡᠷᠢ ᠶᠢᠨ ᠤᠶᠤᠨᠲᠤ ᠵᠠᠮ ᠤᠨ ᠳ᠋ᠧᠩ ᠤᠨ ᠶᠡᠷᠦᠩᠬᠡᠶᠢᠯᠡᠭᠰᠡᠨ ᠬᠡᠷᠡᠭᠯᠡᠭᠡᠨ ᠤ ᠬᠠᠮᠢᠶᠠᠷᠤᠯᠲᠠ ᠶᠢᠨ ᠰᠢᠰᠲ᠋ᠧᠮ ᠤᠨ ᠰᠤᠳᠤᠯᠤᠨ ᠨᠡᠭᠡᠭᠡᠬᠦ︾ ᠲᠥᠷᠥᠯ ᠵᠦᠢᠯ᠂ ᠥᠪᠥᠷ ᠮᠣᠩᠭᠤᠯ ᠤᠨ ᠭᠤᠤᠯᠯᠠᠬᠤ ᠬᠡᠷᠡᠯ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠭᠦᠷᠭᠡᠯᠡᠭᠰᠡᠨ ︽ᠮᠠᠰᠢᠨ ᠬᠥᠮᠦᠨ ᠤ ᠬᠠᠷᠠᠭᠠᠨ ᠰᠡᠷᠡᠯ ᠤᠨ ᠬᠡᠷᠡᠯ ᠡᠭᠦᠰᠭᠡᠭᠴᠢ ᠶᠢᠨ ᠰᠤᠳᠤᠯᠤᠨ ᠨᠡᠭᠡᠭᠡᠵᠦ ᠦᠢᠯᠡᠳᠪᠦᠷᠢᠯᠡᠬᠦ︾ ᠲᠥᠷᠥᠯ ᠵᠦᠢᠯ ᠪᠠᠭᠲᠠᠨ᠎ᠠ᠃    ᠳᠡᠭᠡᠷ᠎ᠡ ᠳᠤᠷᠠᠳᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠦᠢᠯᠡᠳᠬᠦᠨ ᠤ ᠵᠠᠬ᠎ᠠ ᠳᠡᠯᠭᠡᠭᠦᠷ ᠲᠠᠬᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ᠰᠦᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠢᠳᠡᠷᠡᠭᠦᠨ ᠢᠶᠠᠷ ᠦᠰᠦᠨ ᠪᠤᠶᠢᠵᠢᠬᠤ ᠶᠢ ᠲᠦᠯᠬᠢᠨ ᠠᠬᠢᠭᠤᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号