ᠰᠦᠩᠱᠠᠨ ᠲᠣᠭᠤᠷᠢᠭ ᠬᠦᠷᠢᠶᠡᠯᠡᠩ ᠲᠣᠭᠤᠷᠢᠭ ᠤᠨ ︽ᠨᠢᠭᠡ ᠥᠷᠲᠡᠭᠡᠨ ᠤ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠣᠶ ᠪᠣᠯᠭᠠᠵᠤ ︽ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠲᠤ ᠭᠦᠢᠴᠡᠳᠬᠡᠵᠦ᠂ ᠬᠦᠷᠢᠶᠡᠯᠡᠩ ᠲᠣᠭᠤᠷᠢᠭ ᠲᠤ ᠳᠠᠭᠤᠰᠬᠠᠬᠤ︾ ᠶᠢ ᠪᠠᠶᠡᠯᠡᠭᠦᠯᠪᠡ
ᠨᠡᠶᠢᠲᠡᠯᠡᠭᠰᠡᠨ ᠴᠠᠭ᠄
2023/8/2
     ᠰᠦᠩᠱᠠᠨ ᠲᠣᠭᠤᠷᠢᠭ ᠠᠵᠤ ᠠᠬᠤᠶᠢᠯᠠᠯ ᠤᠨ ᠭᠠᠷ ᠭᠦᠢᠴᠡᠳᠬᠡᠯ ᠢ ᠭᠦᠢᠴᠡᠳᠬᠡᠬᠦ᠂ ᠦᠢᠯᠡᠳᠪᠦᠷᠢᠯᠡᠯ ᠤᠨ ᠬᠦᠴᠦᠨ ᠵᠦᠢᠯ ᠢ ᠪᠠᠲᠤᠯᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠡᠷᠭᠡ ᠵᠦᠢᠯᠡᠰ ᠤᠨ ᠲᠣᠭᠤᠷᠢᠨ ᠳᠤ᠂ ︽ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ — ᠰᠠᠯᠠᠭ᠎ᠠ ᠮᠥᠴᠢᠷ ᠲᠤ ᠰᠢᠯᠵᠢᠭᠦᠯᠵᠦ ᠬᠢᠨᠠᠨ ᠵᠥᠪᠰᠢᠶᠡᠷᠡᠬᠦ — ᠲᠦᠷᠭᠡᠨ ᠬᠦᠷᠭᠡᠯᠲᠡ ᠶᠢ ᠰᠦᠢᠳᠬᠡᠯ ᠬᠤᠷᠢᠶᠠᠬᠤ ᠥᠬᠡᠶ ᠪᠠᠷ ᠬᠦᠷᠭᠡᠬᠦ︾ ᠵᠠᠭᠪᠤᠷ ᠢ ᠡᠭᠦᠳᠴᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠬᠦᠷᠢᠶᠡᠯᠡᠩ ᠲᠣᠭᠤᠷᠢᠭ ᠠᠴᠠ ᠭᠠᠷᠬᠤ ᠦᠭᠡᠢ ᠶᠢ ᠪᠡᠶᠡᠯᠡᠭᠦᠯᠬᠦ ᠶᠢᠨ ᠬᠠᠮᠲᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠮᠥᠩᠭᠦᠨ ᠭᠦᠢᠯᠭᠡᠭᠡ ᠭᠠᠶᠢᠯᠢ ᠶᠢᠨ ᠶᠠᠪᠤᠳᠠᠯ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ ᠵᠡᠷᠭᠡ ᠲᠤᠰᠬᠠᠶ ᠦᠢᠯᠡᠴᠢᠯᠡᠭᠡ ᠶᠢ ᠲᠣᠭᠲᠠᠭᠠᠨ ᠦᠢᠯᠡᠳᠴᠦ᠂ ᠭᠤᠤᠯ ᠰᠡᠳᠦᠪᠲᠦ ᠪᠣᠯᠪᠠᠰᠤᠷᠠᠭᠤᠯᠤᠯ᠂ ᠲᠤᠬᠠᠶᠢᠯᠠᠭᠰᠠᠨ ᠠᠵᠢᠯ ᠤᠨ ᠴᠤᠭᠯᠠᠭᠠᠨ᠂ ᠨᠠᠮ ᠤᠨ ᠭᠡᠰᠢᠭᠦᠨ ᠤ ᠳᠣᠷᠣᠭᠰᠢ ᠪᠠᠭᠤᠬᠤ ᠡᠳᠦᠷ ᠵᠡᠷᠭᠡ ᠤᠨᠴᠠᠯᠢᠬᠳᠤ ᠵᠠᠰᠠᠭ ᠠᠵᠤ ᠠᠬᠤᠶᠢᠯᠠᠯ ᠤᠨ ᠠᠵᠢᠯᠯᠠᠭ᠎ᠠ ᠶᠢ ᠰᠦᠪᠡᠭᠴᠢᠯᠡᠨ ᠥᠷᠨᠢᠭᠦᠯᠵᠦ᠂ ᠠᠵᠤ ᠠᠬᠤᠶᠢᠯᠠᠯ  ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠦᠨᠡᠨ ᠬᠦ ᠨᠡᠪᠲᠡᠷᠡᠭᠦᠯᠪᠡ᠃     ᠣᠲᠣ ᠪᠣᠯᠲᠠᠯ᠎ᠠ᠂ ᠬᠦᠷᠢᠶᠡᠯᠡᠩ ᠲᠣᠭᠤᠷᠢᠭ᠂ ᠪᠠᠶᠢᠴᠠᠭᠠᠬᠤ ᠬᠤᠷᠢᠶ᠎ᠠ᠂ ᠪᠠᠩᠬᠢ ᠶᠢᠨ 50 ᠭᠠᠷᠤᠶ ᠠᠵᠢᠯᠲᠠᠨ ᠢᠶᠠᠷ ᠪᠦᠷᠢᠯᠳᠦᠭᠰᠡᠨ ᠲᠤᠰᠬᠠᠶ ᠮᠡᠷᠭᠡᠵᠢᠯ ᠤᠨ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠡᠩᠨᠡᠭᠡ ᠨᠢ ᠨᠡᠶᠢᠲᠡ 3 ᠲᠥᠷᠥᠯ ᠤᠨ 85 ᠥᠨᠳᠥᠷ ᠲᠠᠪᠳᠠᠮᠵᠢᠳᠤ ᠵᠠᠰᠠᠭ ᠤᠨ ᠶᠠᠪᠤᠳᠠᠯ ᠤᠨ ᠵᠦᠢᠯᠡᠰ ᠢ ᠡᠮᠬᠢᠯᠡᠨ ᠳᠢᠭᠯᠡᠵᠦ᠂ ᠨᠡᠶᠢᠲᠡ 25 ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ᠂ ᠨᠡᠶᠢᠭᠡᠮ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠭᠠᠷᠳᠠᠮ ᠢ 56 ᠤᠳᠠᠭ᠎ᠠ ᠭᠦᠢᠴᠡᠳᠬᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ 70 ᠭᠠᠷᠤᠶ ᠤᠳᠠᠭ᠎ᠠ ᠬᠠᠮᠵᠢᠨ ᠵᠣᠯᠭᠠᠭᠤᠯᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠴᠠᠭ ᠢ ᠨᠡᠶᠢᠲᠡ 140 ᠭᠠᠷᠤᠶ ᠠᠵᠢᠯ ᠤᠨ ᠡᠳᠦᠷ ᠠᠷᠪᠢᠯᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号