ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ | ︾ ︽ᠫᠦᠵᠢᠶᠠᠩ ᠤᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠪᠣᠭᠤᠮᠲᠠ ᠶᠢ ᠤᠷᠤᠭᠰᠢ ᠰᠢᠯᠵᠢᠭᠦᠯᠵᠦ᠂ ᠭᠤᠣᠯᠳᠠᠯᠭ᠎ᠠ ᠶᠢ ᠳᠣᠷᠣᠭᠰᠢ ᠲᠠᠯᠪᠢᠵᠤ᠂ ︽ᠤᠯᠠᠨ ᠲᠦᠮᠡᠨ ᠤ ᠳᠡᠭᠡᠭᠰᠢ | ᠰᠤᠷᠪᠤᠯᠵᠢᠯᠠᠬᠤ ᠶᠢ ᠬᠦᠯᠢᠶᠡᠬᠦ︾ ᠶᠢ ︽ᠤᠯᠠᠨ ᠲᠦᠮᠡᠨ ᠢ ᠬᠠᠪᠰᠤᠷᠤᠨ ᠣᠷᠣᠯᠠᠨ ᠭᠦᠢᠴᠡᠳᠬᠡᠬᠦ︾ ᠪᠣᠯᠭᠠᠨ | ᠬᠤᠪᠢᠷᠠᠭᠤᠯᠵᠤ᠂ ︽ᠢᠳᠡᠪᠬᠢ ᠪᠤᠰᠤ ᠪᠠᠷ ᠵᠥᠷᠢᠴᠡᠯ ᠢ ᠰᠢᠢᠳᠪᠦᠷᠢᠯᠡᠬᠦ︾ ᠶᠢ ︽ᠰᠠᠨᠠᠭᠠᠴᠢᠯᠠᠭ᠎ᠠ ᠠᠴᠠ ᠪᠠᠨ | ᠠᠰᠠᠭᠤᠳᠠᠯ ᠢ ᠰᠢᠢᠳᠪᠦᠷᠢᠯᠡᠬᠦ︾ ᠪᠣᠯᠭᠠᠨ ᠬᠤᠪᠢᠷᠠᠭᠤᠯᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ | ᠵᠦᠢᠯᠡᠰ ᠢ ᠴᠠᠭ ᠲᠤᠬᠠᠢ ᠳᠤᠨᠢ᠂ ᠲᠤᠬᠠᠢ ᠶᠢᠨ ᠭᠠᠵᠠᠷ ᠲᠤᠨᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠪᠠ︔ | ᠰᠠᠭᠤᠭᠠᠯᠢ ᠠᠷᠠᠳ ᠤᠨ ᠵᠠᠬᠢᠶᠠᠯᠠᠭ᠎ᠠ ᠶᠢᠨ ᠬᠠᠭᠤᠳᠠᠰᠤ᠂ ᠵᠠᠬᠢᠳᠠᠯ ᠰᠤᠷᠪᠤᠯᠵᠢᠯᠠᠭ᠎ᠠ ᠶᠢᠨ ᠲᠣᠮᠢᠯᠠᠯᠲᠠ ᠶᠢᠨ | ᠬᠠᠭᠤᠳᠠᠰᠤ᠂ ᠣᠷᠣᠯᠠᠨ ᠭᠦᠢᠴᠡᠳᠬᠡᠬᠦ ᠬᠦᠯᠢᠶᠡᠨ ᠠᠪᠬᠤ ᠬᠠᠭᠤᠳᠠᠰᠤ᠂ ᠤᠯᠠᠨ ᠲᠦᠮᠡᠨ ᠤ ᠦᠨᠡᠯᠡᠬᠦ | ᠬᠠᠭᠤᠳᠠᠰᠤ ᠶᠢ ᠬᠡᠷᠡᠭᠵᠢᠭᠦᠯᠬᠦ ︽ᠲᠦᠷᠪᠡᠨ ᠬᠠᠭᠤᠳᠠᠰᠤ ᠶᠢᠨ ᠠᠵᠢᠯ ᠤᠨ ᠠᠷᠭ᠎ᠠ︾ ᠪᠠᠷ ᠳᠠᠮᠵᠢᠭᠤᠯᠤᠨ ᠵᠠᠬᠢᠳᠠᠯ | ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠰᠢᠨ᠎ᠡ ᠬᠡᠪ ᠵᠠᠭᠪᠤᠷ ᠢ ᠪᠠᠶᠢᠭᠤᠯᠵᠤ᠂ ᠵᠠᠬᠢᠳᠠᠯ | ᠰᠤᠷᠪᠤᠯᠵᠢᠯᠠᠭ᠎ᠠ ᠭᠡᠬᠦ ᠡᠨᠡ ᠬᠦ ︽ᠭᠡᠷ ᠲᠤᠨᠢ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ︾ ᠢ ᠤᠯᠠᠨ | ᠲᠦᠮᠡᠨ ᠲᠠᠢ ᠤᠢᠢᠷᠠᠳᠤᠭᠤᠯᠵᠤ᠂ ᠠᠷᠠᠳ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠤ ᠦᠷ᠎ᠡ ᠪᠦᠲᠦᠮᠵᠢ | ᠭᠠᠷᠭᠠᠨ᠎ᠠ᠃ | ᠰᠠᠭᠤᠭᠠᠯᠢ ᠠᠷᠠᠳ ᠰᠦᠯᠵᠢᠶᠡᠨ ᠳᠡᠭᠡᠷ᠎ᠡ᠂ ᠰᠦᠯᠵᠢᠶᠡᠨ ᠠᠴᠠ ᠭᠠᠳᠠᠭᠤᠷᠬᠢ ᠣᠯᠠᠨ ᠠᠷᠭ᠎ᠠ ᠵᠠᠮ ᠢᠶᠠᠷ ᠬᠤᠪᠢ | ᠬᠥᠮᠦᠨ ᠤ ᠬᠦᠰᠡᠯ ᠱᠠᠭᠠᠷᠳᠠᠯᠭ᠎ᠠ ᠪᠠᠨ ᠲᠤᠰᠬᠠᠵᠤ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ | ᠠᠯᠪᠠᠨ ᠬᠡᠷ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠠᠴᠠ | ᠲᠤᠰᠬᠠᠶ ᠬᠥᠮᠦᠨ ᠳᠣᠭᠢᠷᠠᠭᠤᠯᠤᠨ ᠡᠳᠦᠷ ᠪᠦᠷᠢ ᠰᠠᠭᠤᠭᠠᠯᠢ ᠠᠷᠠᠳ ᠤᠨ ︽ᠵᠠᠬᠢᠶᠠᠯᠠᠭ᠎ᠠ ᠶᠢᠨ ᠬᠠᠭᠤᠳᠠᠰᠤ︾ ᠶᠢ | ᠳᠡᠩᠰᠡᠯᠡᠨ ᠲᠡᠮᠳᠡᠭᠯᠡᠵᠦ᠂ ᠰᠤᠳᠤᠯᠤᠨ ᠮᠠᠭᠠᠳᠯᠠᠬᠤ ᠶᠢᠨ ᠬᠠᠮᠲᠤ᠂ ᠰᠠᠭᠤᠭᠠᠯᠢ ᠠᠷᠠᠳ ᠤᠨ ︽ᠬᠡᠷᠡᠭᠴᠡᠭᠡ | ᠱᠠᠭᠠᠷᠳᠠᠯᠭ᠎ᠠ ᠶᠢᠨ ᠨᠠᠷᠢᠨ ᠲᠠᠩᠰᠠ︾ ᠶᠢ ᠪᠠᠶᠢᠭᠤᠯᠤᠨ᠎ᠠ᠃ ᠬᠡᠰᠡᠭ ᠰᠠᠭᠤᠭᠠᠯᠢ ᠠᠷᠠᠳ ᠤᠨ ᠬᠦᠰᠡᠯ | ᠱᠠᠭᠠᠷᠳᠠᠯᠭ᠎ᠠ ᠶᠢᠨ ᠲᠤᠬᠠᠶ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠠᠯᠪᠠᠨ ᠬᠡᠷ ᠠᠴᠠ ︽ | ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠤᠯᠴᠢᠯᠠᠨ ᠬᠠᠮᠢᠶᠠᠷᠪᠠᠯ ᠬᠡᠨ | ᠬᠠᠷᠢᠭᠤᠴᠠᠬᠤ︾ ᠵᠠᠷᠴᠢᠮ ᠢ ᠦᠨᠳᠦᠰᠦᠯᠡᠨ᠂ ︽ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ︾ ᠶᠢ ︽ | ᠬᠠᠷᠢᠭᠤᠴᠠᠯᠭ᠎ᠠ ᠶᠢᠨ ᠨᠠᠷᠢᠨ ᠲᠠᠩᠰᠠ︾ ᠪᠣᠯᠭᠠᠨ ᠬᠤᠪᠢᠷᠠᠭᠤᠯᠤᠭᠠᠳ ᠬᠠᠮᠢᠶ᠎ᠠ ᠪᠥᠬᠦᠶ ᠠᠵᠢᠯ ᠶᠠᠪᠤᠳᠠᠯ ᠤᠨ ᠡᠷᠬᠡᠲᠦ | ᠨᠢᠭᠡᠴᠡ ᠳᠤ ᠲᠠᠷᠬᠠᠭᠠᠬᠤ ᠶᠢᠨ ᠬᠠᠮᠲᠤ ᠠᠵᠢᠯ ᠶᠠᠪᠤᠳᠠᠯ ᠤᠨ ᠡᠷᠬᠡᠲᠦ ᠨᠢᠭᠡᠴᠡ ᠯᠦᠭᠡ ᠵᠣᠬᠢᠴᠠᠭᠤᠯᠤᠨ ᠠᠬᠢᠭᠤᠯᠵᠤ᠂ | ᠮᠥᠷᠳᠡᠨ ᠰᠢᠮᠳᠠᠭᠤᠯᠤᠨ ᠰᠢᠢᠳᠪᠦᠷᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠲᠦᠷᠭᠡᠨ ᠪᠥᠭᠡᠳ | ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ | ᠣᠷᠣᠯᠠᠨ ᠭᠦᠢᠴᠡᠳᠬᠡᠭᠴᠢ ᠬᠠᠭᠤᠳᠠᠰᠤ ᠶᠢ ᠬᠦᠯᠢᠶᠡᠨ ᠠᠪᠤᠭᠰᠠᠨ ᠤ ᠳᠠᠷᠠᠭ᠎ᠠ ᠪᠦᠬᠦ ᠶᠠᠪᠤᠴᠠ ᠶᠢ ᠣᠷᠣᠯᠠᠨ | ᠭᠦᠢᠴᠡᠳᠬᠡᠬᠦ ᠶᠢᠨ ᠬᠠᠮᠲᠤ ᠳᠥᠭᠦᠮ ᠵᠦᠢᠯᠡᠰ ᠢ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ ᠳᠤᠨᠢ | ᠰᠢᠢᠳᠪᠦᠷᠢᠯᠡᠨ᠎ᠡ︾᠃ ᠣᠳᠣᠬᠠᠨ ᠪᠣᠯᠲᠠᠯ᠎ᠠ᠂ ᠪᠦᠬᠦ ᠲᠤᠭᠤᠷᠢᠭ ᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ | ᠨᠡᠶᠢᠲᠡ 196 ᠬᠤᠪᠢ ᠣᠷᠣᠯᠠᠨ ᠭᠦᠢᠴᠡᠳᠬᠡᠪᠡ᠃ | ᠡᠨᠡ ᠵᠢᠯ᠂ ᠰᠦᠩᠱᠠᠨ ᠲᠣᠭᠤᠷᠢᠭ ᠲᠤ ᠲᠣᠭᠤᠷᠢᠭ ᠤᠨ ᠳᠡᠰ ᠤᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ | ᠴᠡᠭ 1᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠡᠭ 22᠂ | ᠲᠣᠰᠬᠤᠨ ︵ᠨᠡᠶᠢᠭᠡᠮ ᠲᠣᠭᠤᠷᠢᠭ︶ ᠤ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠡᠭ 334 ᠭᠠᠷᠭᠠᠵᠤ᠂ | ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠨᠡᠶᠢᠲᠡ 1331 ᠬᠥᠮᠦᠨ ᠲᠣᠬᠢᠷᠠᠭᠤᠯᠵᠤ᠂ ᠪᠦᠬᠦ | ᠲᠠᠯ᠎ᠠ ᠶᠢ ᠬᠠᠮᠤᠷᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠢᠭᠰᠠᠭᠠᠯ ᠢ ᠪᠤᠶ | ᠪᠤᠯᠭᠠᠪᠠ᠃ |