7 ᠰᠠᠷ᠎ᠠ ᠶᠢᠨ 27 ᠤ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠢᠶᠠᠩ | ᠼᠦᠩ ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ | 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠨ ᠰᠤᠳᠤᠯᠤᠨ ᠶᠠᠷᠢᠯᠴᠠᠪᠠ᠃ | ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠹᠦ᠋ ᠴᠢᠶᠠᠩ᠂ ᠰᠦᠩ ᠳ᠋ᠡ ᠹᠦ᠋᠂ ᠵᠢᠶᠠᠩ ᠴᠠᠩ ᠾᠦᠢ᠂ ᠰᠦᠨ ᠯᠢ | ᠸᠧᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ︽ᠶᠡᠷᠦᠩᠬᠡᠢ ᠱᠦᠵᠢ ᠶᠢᠨ ᠲᠤᠰᠢᠶᠠᠭᠰᠠᠨ ᠲᠠᠪᠤᠨ | ᠶᠡᠭᠡ ᠡᠭᠦᠷᠭᠡ ᠶᠢ ᠡᠷᠡᠰ ᠭᠤᠶᠢᠪᠢᠰᠢ ᠦᠬᠡᠢ ᠰᠠᠶᠢᠲᠤᠷ ᠨᠠᠶᠢᠳᠠᠪᠤᠷᠢᠵᠢᠭᠤᠯᠬᠤ︾᠂ ︽︿ᠵᠢᠱᠢᠶᠡᠴᠢ ᠥᠪᠡᠷᠲᠡᠭᠡᠨ | ᠵᠠᠰᠠᠬᠤ ᠣᠷᠣᠨ﹀ ᠢ ᠦᠷᠭᠦᠯᠵᠢᠯᠡᠨ ᠪᠦᠬᠦ ᠲᠠᠯ᠎ᠠ ᠪᠠᠷ ᠰᠠᠶᠢᠲᠤᠷ ᠪᠦᠳᠦᠬᠡᠨ ᠪᠠᠶᠢᠭᠤᠯᠬᠤ︾᠂ ︽ᠠᠵᠤ | ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠵᠦ᠂ ᠳᠠᠪᠠᠭᠤᠯᠢᠭ ᠤᠨᠴᠠᠯᠢᠭᠳᠤ ᠠᠵᠤ ᠦᠢᠯᠡᠰ ᠢ | ᠢᠳᠡᠪᠬᠢᠲᠡᠢ ᠬᠥᠭᠵᠢᠭᠦᠯᠬᠦ︾᠂ ︽ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠵᠤ᠂ ᠬᠠᠮᠲᠤᠪᠠᠷ | ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ︾ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ ᠰᠣᠯᠢᠯᠴᠠᠪᠠ᠃ | ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ | ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃ |