ᠰᠦᠩᠱᠠᠨ ᠲᠣᠭᠤᠷᠢᠭ ᠤᠨ ᠴᠢᠬᠤᠯᠠ ᠶᠡᠭᠡ ᠰᠢᠨ᠎ᠡ ᠢᠯᠡᠷᠡᠭᠦᠯᠦᠯᠲᠡ ᠨᠢ ᠡᠨᠡᠬᠦ ᠬᠤᠭᠤᠰᠣᠨ ᠢ ᠨᠦᠬᠦᠪᠡ
ᠨᠡᠶᠢᠲᠡᠯᠡᠭᠰᠡᠨ ᠴᠠᠭ᠄
2023/8/29
     8 ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠠᠴᠠ ᠴᠢᠮᠡᠭᠡ ᠢᠷᠡᠭᠰᠡᠨ ᠨᠢ᠂ ︽ᠬᠠᠭᠤᠴᠢ ᠰᠤᠳᠤᠯᠤᠯ ᠤᠨ ᠳᠤᠮᠳᠠᠳᠤ ᠤᠯᠤᠰ︾ ᠤᠨ ᠴᠢᠬᠤᠯᠠ ᠶᠡᠭᠡ ᠲᠥᠷᠥᠯ ᠵᠦᠢᠯ ᠤᠨ ᠬᠤᠩᠱᠠᠨ ᠤ ᠨᠡᠶᠢᠭᠡᠮ ᠤᠨ ᠪᠣᠯᠪᠠᠰᠤᠨ ᠤ ᠠᠬᠢᠴᠠ ᠶᠢᠨ ᠬᠤᠪᠢᠶᠠᠷᠢ ᠲᠥᠷᠥᠯ ᠵᠦᠢᠯ — ᠰᠦᠩᠱᠠᠨ ᠲᠣᠭᠤᠷᠢᠭ ᠤᠨ ᠼᠠᠢ ᠲᠤᠤ ᠫᠦᠸᠧ ᠶᠢᠨ ᠪᠠᠭᠤᠷᠢ ᠠᠴᠠ ᠬᠠᠭᠤᠴᠢ ᠰᠤᠳᠤᠯᠤᠯ ᠤᠨ ᠢᠯᠡᠷᠡᠭᠦᠯᠦᠯᠲᠡ ᠶᠢᠨ ᠳᠤᠮᠳᠠ ᠨᠢᠭᠡᠨ ᠯᠣᠣ ᠶᠢᠨ ᠬᠡᠯᠪᠡᠷᠢᠲᠦ ᠬᠢᠰᠤᠭ᠎ᠠ ᠶᠢᠨ ᠴᠢᠮᠡᠭᠯᠡᠯ ᠣᠯᠳᠠᠪᠠ᠃ ᠡᠨᠡ ᠬᠦ ᠬᠢᠰᠤᠭ᠎ᠠ ᠶᠢᠨ ᠴᠢᠮᠡᠭᠯᠡᠯ ᠨᠢ ᠬᠤᠩᠱᠠᠨ ᠤ ᠰᠣᠶᠣᠯ ᠤᠨ ᠡᠬᠢᠨ ᠤ ᠦᠶ᠎ᠡ ᠳᠤ ᠬᠠᠷᠢᠶᠠᠯᠠᠭᠳᠠᠨ᠎ᠠ᠂ ᠣᠨ ᠵᠢᠯ ᠤᠨ ᠲᠠᠯ᠎ᠠ ᠪᠠᠷ ᠡᠭᠦᠨ ᠠᠴᠠ ᠡᠮᠦᠨ᠎ᠡ ᠣᠯᠳᠠᠭᠰᠠᠨ ᠬᠠᠰ ᠯᠣᠣ ᠠᠴᠠ ᠬᠤᠯᠠ ᠡᠮᠦᠨ᠎ᠡ ᠪᠤᠯᠤᠨ᠎ᠠ᠂ ᠡᠨᠡᠬᠦ ᠢᠯᠡᠷᠡᠭᠦᠯᠦᠯᠲᠡ ᠨᠢ ᠬᠤᠩᠱᠠᠨ ᠤ ᠰᠣᠶᠣᠯ ᠤᠨ ᠡᠬᠢᠨ ᠤ ᠦᠶ᠎ᠡ ᠶᠢᠨ ᠯᠣᠣ ᠶᠢᠨ ᠳᠦᠷᠢ ᠶᠢᠨ ᠬᠤᠭᠤᠰᠣᠨ ᠢ ᠨᠦᠬᠦᠪᠡ᠃    ᠡᠨᠡ ᠬᠦ ᠬᠢᠰᠤᠭ᠎ᠠ ᠶᠢᠨ ᠴᠢᠮᠡᠭᠯᠡᠯ ᠢ ᠰᠦᠩᠱᠠᠨ ᠲᠣᠭᠤᠷᠢᠭ ᠤᠨ ᠼᠠᠢ ᠲᠤᠤ ᠫᠦᠸᠧ ᠶᠢᠨ ᠪᠠᠭᠤᠷᠢ ᠶᠢᠨ ᠪᠠᠷᠠᠭᠤᠨ ᠡᠮᠦᠨ᠎ᠡ ᠥᠨᠴᠥᠭ ᠠᠴᠠ ᠮᠠᠯᠲᠠᠵᠤ ᠭᠠᠷᠭᠠᠭᠰᠠᠨ ᠪᠥᠭᠡᠳ ᠴᠢᠨᠠᠷ ᠨᠢ ᠬᠡᠦᠷᠡᠭ᠂ ᠬᠠᠭᠤᠴᠢ ᠰᠤᠳᠤᠯᠤᠯ ᠤᠨ ᠠᠩᠭᠢ ᠶᠢᠨ ᠬᠢᠨ ᠲᠤᠬᠠᠶ ᠶᠢᠨ ᠲᠠᠯᠠᠪᠤᠷ ᠢ ᠪᠠᠬᠢᠯᠡᠨ ᠰᠢᠢᠳᠪᠦᠷᠢᠯᠡᠵᠦ᠂ ᠬᠢᠰᠤᠭ᠎ᠠ ᠶᠢᠨ ᠴᠢᠮᠡᠭᠯᠡᠯ ᠢ ᠡᠷᠬᠢᠨ ᠲᠣᠭᠤᠷᠢᠨ ᠤ ᠰᠢᠷᠣᠶ ᠶᠢᠨ ᠬᠡᠰᠡᠭ ᠲᠠᠢ ᠨᠢ ᠪᠦᠬᠦᠯᠢ ᠪᠠᠷ ᠨᠢ ᠭᠠᠷᠭᠠᠨ  ᠠᠪᠤᠪᠠ᠂ ᠲᠠᠷᠠᠭᠠᠴᠢ ᠶᠢᠨ ᠠᠯᠬᠤᠮ ᠳᠤ ᠲᠤᠰᠬᠠᠶ ᠮᠡᠷᠭᠡᠵᠢᠯ ᠤᠨ ᠰᠣᠶᠣᠯ ᠤᠨ ᠬᠠᠮᠠᠭᠠᠯᠠᠯᠲᠠ ᠶᠢᠨ ᠠᠵᠢᠯᠲᠠᠨ ᠢ ᠤᠷᠢᠵᠤ ᠵᠠᠯᠭᠠᠵᠤ ᠲᠠᠭᠠᠷᠠᠭᠤᠯᠬᠤ᠂ ᠰᠡᠯᠪᠢᠨ ᠵᠠᠰᠠᠬᠤ ᠪᠠ ᠰᠡᠭᠦᠯᠴᠢ ᠶᠢᠨ ᠬᠤᠭᠤᠴᠠᠭᠠᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号