ᠰᠦᠩᠱᠠᠨ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠪᠠᠨ ᠥᠷᠭᠡᠳᠬᠡᠬᠦ︾ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/29
     ᠣᠶᠢᠷ᠎ᠠ ᠳᠤ᠂ ᠤᠯᠠᠭᠠᠨᠬᠠᠳᠠ ᠶᠢᠨ ᠵᠥᠩ ᠭᠤᠸᠠᠨ ᠼᠦᠨ ᠤ ᠮᠡᠳᠡᠭᠡ ᠵᠠᠩᠭᠢ ᠶᠢᠨ ᠬᠥᠨᠳᠡᠶ ᠶᠢᠨ ᠺᠣᠮᠫᠠᠨᠢ᠂ ᠥᠪᠥᠷ ᠮᠣᠩᠭᠤᠯ ᠤᠨ ᠺᠦᠨ ᠮᠧᠩ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠰᠦᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 5 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠬᠦ︾ ᠲᠤᠰᠬᠠᠶ ᠠᠵᠢᠯᠯᠠᠭ᠎ᠠ ᠥᠷᠨᠢᠭᠦᠯᠦᠭᠰᠡᠨ ᠪᠥᠭᠡᠳ ᠵᠥᠩ ᠭᠤᠸᠠᠨ ᠼᠦᠨ ᠤ ᠮᠡᠳᠡᠭᠡ ᠵᠠᠩᠭᠢ ᠶᠢᠨ ᠬᠥᠨᠳᠡᠶ ᠶᠢᠨ ᠺᠣᠮᠫᠠᠨᠢ ᠳᠤ ᠶᠠᠷᠢᠯᠴᠠᠬᠤ ᠬᠤᠷᠠᠯ ᠬᠢᠪᠡ᠃    ᠶᠠᠷᠢᠯᠴᠠᠬᠤ ᠬᠤᠷᠠᠯ ᠳᠡᠭᠡᠷ᠎ᠡ᠂ ᠮᠡᠳᠡᠭᠡ ᠵᠠᠩᠭᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠠᠷᠤᠭ᠎ᠠ ᠭᠦᠸᠧ ᠰᠢᠶᠠᠩ ᠴᠧᠨ ᠠᠵᠤ ᠠᠬᠤᠶᠢᠯᠠᠯ ᠤᠨ ᠲᠥᠯᠥᠭᠡᠯᠡᠭᠴᠢᠳ ᠲᠤ ᠮᠡᠳᠡᠭᠡ ᠵᠠᠩᠭᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ᠂ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ ᠵᠢᠴᠢ 2024 ᠣᠨ ᠤ ᠬᠤᠯᠪᠣᠭᠳᠠᠯ ᠪᠥᠬᠦᠶ ᠲᠤᠰᠬᠠᠶ ᠮᠡᠷᠭᠡᠵᠢᠯ ᠤᠨ ᠲᠡᠭᠦᠰᠬᠦ ᠰᠣᠷᠣᠭᠴᠢ ᠶᠢᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠺᠣᠮᠫᠠᠨᠢ ᠶᠢᠨ ᠦᠨᠳᠦᠰᠦᠨ ᠪᠠᠶᠢᠳᠠᠯ ᠵᠢᠴᠢ ᠴᠢᠳᠠᠪᠤᠷᠢᠲᠠᠨ ᠤ ᠬᠡᠷᠡᠭᠴᠡᠭᠡ ᠶᠢ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠭᠦᠨᠵᠡᠭᠡᠢ ᠵᠤᠯᠭᠠᠭᠤᠯᠪᠠ᠃ ᠳᠠᠷᠠᠭ᠎ᠠ ᠨᠢ᠂ ᠭᠦᠸᠧ ᠰᠢᠶᠠᠩ ᠴᠧᠨ ᠨᠡᠷ ᠵᠦᠩ ᠭᠤᠸᠠᠨ ᠼᠦᠨ ᠤ ᠵᠥᠭᠡᠯᠡᠨ ᠲᠤᠨᠤᠭ ᠰᠤᠳᠤᠯᠤᠨ ᠨᠡᠭᠡᠭᠡᠬᠦ ᠲᠥᠪ᠂ ᠤᠯᠠᠭᠠᠨᠬᠠᠳᠠ ᠬᠤᠳᠠ ᠶᠢᠨ ᠾᠧᠩ ᠯᠢᠶᠠᠨ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠺᠣᠮᠫᠠᠨᠢ᠂ ᠦᠢᠯᠡᠳᠬᠦᠨ ᠵᠢᠴᠢ ᠭᠤᠣᠯᠯᠠᠭᠴᠢ ᠮᠡᠷᠭᠡᠵᠢᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠠᠵᠤ ᠠᠬᠤᠶᠢᠯᠠᠯ ᠤᠨ ᠴᠢᠳᠠᠪᠤᠷᠢᠲᠠᠨ ᠤ ᠬᠡᠷᠡᠭᠴᠡᠭᠡ ᠨᠢ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠨ ᠲᠤᠰᠬᠠᠢ ᠮᠡᠷᠭᠡᠵᠢᠯ ᠲᠠᠢ ᠲᠤᠬᠢᠷᠠᠯᠴᠠᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠪᠠᠨ ᠴᠢᠩᠭᠠᠳᠬᠠᠵᠤ᠂ ᠴᠢᠨᠠᠭᠰᠢᠳᠠ ᠬᠠᠮᠲᠤᠷᠠᠯᠴᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠲᠣᠰ ᠤᠳᠠᠭᠠᠨ ᠤ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠬᠦ︾ ᠠᠵᠢᠯᠯᠠᠭ᠎ᠠ ᠳᠤ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠵᠤ ᠦᠢᠯᠡᠰ ᠪᠠ ᠰᠤᠷᠭᠠᠨ ᠬᠥᠮᠦᠵᠢᠯ ᠤᠨ ᠨᠡᠶᠢᠯᠡᠯ ᠵᠢᠴᠢ ᠰᠤᠷᠭᠠᠭᠤᠯᠢ ᠪᠠ ᠠᠵᠤ ᠠᠬᠤᠶᠢᠯᠠᠯ ᠬᠤᠶᠠᠷ ᠤᠨ ᠨᠠᠷᠢᠯᠢᠭ ᠣᠨᠣᠴᠠᠲᠠᠶ ᠪᠠᠷ ᠬᠥᠮᠦᠨ ᠬᠥᠮᠦᠵᠢᠭᠦᠯᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠳᠠᠳᠤᠯᠭ᠎ᠠ ᠶᠢᠨ ᠠᠵᠢᠯ ᠣᠯᠭᠤᠯᠲᠠ᠂ ᠠᠵᠤ ᠠᠬᠤᠶᠢᠯᠠᠯ ᠤᠨ ᠠᠵᠢᠯᠲᠠᠨ ᠡᠯᠰᠡᠬᠦ ᠠᠷᠭ᠎ᠠ ᠵᠠᠮ ᠢ ᠥᠷᠭᠡᠳᠬᠡᠵᠦ᠂ ᠠᠵᠤ ᠠᠬᠤᠶᠢᠯᠠᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠳᠤ ᠨᠠᠩ ᠰᠠᠶᠢᠲᠤᠷ ᠦᠢᠯᠡᠴᠢᠯᠡᠵᠦ᠂ ᠰᠦᠩᠱᠠᠨ ᠲᠣᠭᠤᠷᠢᠭ ᠤᠨ ᠴᠢᠳᠠᠪᠤᠷᠢᠲᠠᠨ ᠤ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠳᠤ ᠲᠦᠰᠢᠭ ᠲᠤᠯᠭᠠᠭᠤᠷᠢ ᠬᠠᠩᠭᠠᠬᠤ ᠪᠣᠯᠤᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号