ᠶᠢᠰᠦᠳᠦᠭᠡᠷ ᠬᠤᠭᠤᠴᠠᠭᠠᠨ ᠤ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/29
     8 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠶᠢᠰᠦᠳᠦᠭᠡᠷ ᠬᠤᠭᠤᠴᠠᠭᠠᠨ ᠤ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ  ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠣᠣ ᠶᠠ ᠳ᠋ᠦᠩ ᠬᠤᠷᠠᠯ ᠳᠤ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠰᠢᠤᠸᠠᠢ ᠴᠢᠨ ᠬᠤᠷᠠᠯ ᠢ ᠡᠷᠭᠢᠯᠡᠪᠡ᠃    ᠬᠤᠷᠠᠯ ᠠᠴᠠ ᠲᠣᠭᠤᠷᠢᠭ ᠤᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠭᠰᠠᠨ ᠲᠤᠰᠢᠶᠠᠯ ᠪᠠ ᠡᠭᠦᠷᠭᠡ ᠶᠢᠨ ᠬᠤᠪᠢᠶᠠᠷᠢᠯᠠᠯ ᠢ ᠨᠡᠶᠢᠲᠡᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠤᠪᠤᠶᠢᠮ᠎ᠠ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠭᠤᠷᠢᠨ ᠪᠠᠶᠢᠴᠠᠭᠠᠬᠤ ᠠᠵᠢᠯ ᠤᠨ ᠯᠠᠪᠳᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃    ᠣᠶᠢᠯᠠᠭᠠᠭᠰᠠᠨ ᠢᠶᠠᠷ᠂ ᠶᠢᠰᠦᠳᠦᠭᠡᠷ ᠬᠤᠭᠤᠴᠠᠭᠠᠨ ᠤ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠳᠤᠭᠤᠶᠢᠯᠠᠩ ᠳᠤ ᠳᠥᠷᠪᠡᠨ ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ︽ᠪᠠᠯᠭᠠᠰᠤ ᠲᠣᠰᠬᠤᠨ ᠢ ᠨᠢᠭᠡ ᠴᠤᠭᠴᠠᠵᠢᠭᠤᠯᠤᠨ ᠲᠣᠭᠤᠷᠢᠨ ᠪᠠᠶᠢᠴᠠᠭᠠᠬᠤ︾ ᠬᠡᠯᠪᠡᠷᠢ ᠪᠠᠷ ᠮᠦ ᠵᠢᠶᠠ ᠶᠢᠩᠽᠢ ᠪᠠᠯᠭᠠᠰᠤ᠂ ᠬᠠᠷᠠᠲᠤᠬᠤᠢ ᠪᠠᠯᠭᠠᠰᠤ᠂ ᠱᠠᠩ ᠭᠤᠸᠠᠨ ᠳ᠋ᠢ ᠪᠠᠯᠭᠠᠰᠤ᠂ ᠭᠠᠩᠽᠢ ᠰᠢᠶᠠᠩ ᠵᠡᠷᠭᠡ ᠳᠥᠷᠪᠡᠨ ᠰᠢᠶᠠᠩ ᠪᠠᠯᠭᠠᠰᠤᠨ ᠤ ᠨᠠᠮ ᠤᠨ ᠬᠤᠷᠢᠶᠠᠨ ᠳᠤ ᠪᠠᠶᠢᠩᠭᠤ ᠶᠢᠨ ᠲᠤᠭᠤᠷᠢᠨ ᠪᠠᠶᠢᠴᠠᠭᠠᠯᠲᠠ ᠬᠢᠬᠦ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号