ᠰᠦᠩᠱᠠᠨ ᠲᠣᠭᠤᠷᠢᠭ ᠴᠢᠳᠠᠪᠤᠷᠢᠲᠠᠨ ᠤ ᠦᠢᠯᠡᠴᠢᠯᠡᠭᠡᠨ ᠤ ᠪᠥᠬᠦ ᠬᠡᠯᠬᠢᠶ᠎ᠡ ᠶᠢᠨ ᠵᠠᠭᠪᠤᠷ ᠢ ᠪᠠᠶᠢᠭᠤᠯᠵᠤ᠂ ᠴᠢᠳᠠᠪᠤᠷᠢᠲᠠᠨ ᠤ ︽ᠵᠠᠮᠴᠢᠯᠠᠭᠴᠢ︾ ᠶᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2023/8/29
     ᠨᠢᠭᠡ ᠳᠤ᠂ ᠠᠴᠢᠶᠠᠯᠠᠪᠤᠷᠢ ᠶᠢᠨ ᠲᠠᠪᠴᠠᠩ ᠢ ᠥᠷᠭᠡᠳᠬᠡᠵᠦ ᠴᠢᠳᠠᠪᠤᠷᠢᠲᠠᠨ ᠢ ᠲᠠᠲᠠᠨ᠎ᠠ᠃ ᠰᠦᠩᠱᠠᠨ ᠲᠣᠭᠤᠷᠢᠭ ᠤᠨ ᠬᠢᠨ ᠬᠡᠷᠡᠭᠴᠡᠭᠡ ᠶᠢᠨ ᠤᠳᠤᠷᠢᠳᠤᠮᠵᠢ ᠶᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢᠨ ᠲᠡᠷᠢᠭᠦᠨ ᠴᠢᠬᠤᠯᠠ ᠵᠠᠷᠴᠢᠮ ᠪᠣᠯᠭᠠᠵᠤ᠂ ᠲᠣᠰ ᠪᠡᠶ᠎ᠡ ᠶᠢᠨ ᠠᠵᠤ ᠠᠬᠤᠶ ᠶᠢᠨ ᠬᠥᠭᠵᠢᠯᠲᠡ᠂ ᠠᠵᠤ ᠦᠢᠯᠡᠰ ᠤᠨ ᠪᠦᠲᠦᠴᠡ᠂ ᠣᠷᠣᠨ ᠪᠦᠰᠡ ᠶᠢᠨ ᠣᠨᠴᠠᠯᠢᠭ ᠵᠡᠷᠭᠡ ᠬᠦᠴᠦᠨ ᠵᠦᠢᠯ ᠤᠨ ᠲᠣᠭᠤᠷᠢᠨ ᠳᠤ ᠬᠡᠷᠡᠭᠴᠡᠭᠡ ᠶᠢᠨ ᠪᠠᠶᠢᠴᠠᠭᠠᠨ ᠰᠤᠳᠤᠯᠤᠯᠲᠠ ᠶᠢ ᠭᠦᠢᠴᠡᠳ ᠰᠠᠶᠢᠲᠤᠷ ᠬᠢᠨ᠎ᠡ᠃ ᠣᠳᠣᠬᠠᠨ ᠳᠤ᠂ ᠬᠠᠨᠳᠤᠯᠭ᠎ᠠ ᠲᠠᠢ ᠪᠠᠷ ᠣᠷᠣᠭᠤᠯᠤᠨ ᠠᠪᠴᠢᠷᠠᠬᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠴᠢᠳᠠᠪᠤᠷᠢᠲᠠᠨ 119 ᠨᠡᠷ᠎ᠡ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠴᠢᠳᠠᠪᠤᠷᠢᠲᠠᠨ 67 ᠨᠡᠷ᠎ᠡ᠂ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ 25 ᠨᠡᠷ᠎ᠡ ᠶᠢ ᠣᠷᠣᠭᠤᠯᠤᠨ ᠠᠪᠴᠢᠷᠠᠵᠤ᠂ ᠦᠨᠳᠦᠰᠦᠨ ᠱᠠᠲᠤ ᠶᠢ ᠬᠠᠨᠳᠤᠯᠭ᠎ᠠ ᠲᠠᠢ ᠪᠠᠷ ᠬᠠᠪᠰᠤᠷᠤᠨ ᠡᠯ᠎ᠡ ᠲᠥᠷᠥᠯ ᠤᠨ ᠪᠣᠳᠠᠲᠠᠶ ᠠᠰᠠᠭᠤᠳᠠᠯ ᠢ 125  ᠰᠢᠢᠳᠪᠦᠷᠢᠯᠡᠵᠦ᠂ ᠴᠢᠳᠠᠪᠤᠷᠢᠲᠠᠨ ᠤ ᠲᠠᠷᠬᠠᠯᠲᠠ ᠪᠠ ᠠᠵᠤ ᠦᠢᠯᠡᠰ ᠤᠨ ᠪᠠᠶᠢᠷᠢᠰᠢᠯ ᠤᠨ ᠳᠡᠭᠡᠳᠦ ᠬᠡᠮᠵᠢᠶ᠎ᠡ ᠪᠠᠷ ᠠᠭᠤᠰᠤᠯᠴᠠᠬᠤ ᠶᠢ ᠠᠬᠢᠭᠤᠯᠪᠠ᠃    ᠬᠤᠶᠠᠷ ᠲᠤ᠂ ᠰᠣᠯᠢᠯᠴᠠᠭᠠᠨ ᠤ ᠲᠠᠪᠴᠠᠩ ᠢ ᠪᠠᠶᠢᠭᠤᠯᠵᠤ ᠴᠢᠳᠠᠪᠤᠷᠢᠲᠠᠨ ᠢ ᠦᠯᠡᠳᠡᠭᠡᠨ᠎ᠡ᠃ ᠰᠦᠩᠱᠠᠨ ᠲᠣᠭᠤᠷᠢᠭ ᠤᠨ ᠬᠢᠨ ᠡᠬᠢ ᠪᠠᠶᠠᠯᠢᠭ ᠢ ᠨᠡᠶᠢᠳᠬᠡᠬᠦ᠂ ᠠᠵᠢᠯ ᠢ ᠠᠭᠤᠰᠤᠯᠴᠠᠭᠤᠯᠬᠤ᠂ ᠬᠦᠴᠦᠨ ᠢ ᠨᠢᠭᠲᠠᠷᠠᠭᠤᠯᠬᠤ ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ ᠤᠨ ᠬᠦᠴᠦᠨ ᠢ ᠪᠦᠲᠦᠮᠵᠢᠲᠡᠶ ᠨᠢᠭᠲᠠᠷᠠᠭᠤᠯᠵᠤ᠂ ᠴᠢᠳᠠᠪᠤᠷᠢᠲᠠᠨ ᠢ ᠠᠵᠢᠯ ᠤᠨ ᠪᠠᠶᠢᠷᠢ ᠳᠡᠭᠡᠷ᠎ᠡ ᠪᠠᠨ ᠪᠣᠯᠪᠠᠰᠤᠷᠠᠭᠤᠯᠬᠤ᠂ ᠠᠵᠢᠯ ᠠᠴᠠ ᠪᠠᠨ ᠰᠠᠯᠵᠤ ᠰᠤᠷᠤᠯᠴᠠᠬᠤ᠂ ᠠᠵᠢᠯ ᠤᠨ ᠪᠠᠶᠢᠷᠢ ᠳᠠᠭᠠᠵᠤ ᠳᠡᠭᠡᠭᠰᠢᠯᠡᠭᠦᠯᠬᠦ ᠵᠡᠷᠭᠡ ᠲᠦᠷᠢᠮ ᠢ ᠲᠠᠰᠤᠷᠠᠯᠲᠠ ᠥᠬᠡᠶ ᠪᠠᠶᠢᠭᠤᠯᠤᠨ ᠲᠡᠭᠦᠯᠳᠡᠷᠵᠢᠭᠦᠯᠵᠦ᠂ ᠰᠦᠩᠱᠠᠨ ᠲᠣᠭᠤᠷᠢᠭ ᠤᠨ ᠡᠯ᠎ᠡ ᠲᠥᠷᠥᠯ ᠤᠨ ᠴᠢᠳᠠᠪᠤᠷᠢᠲᠠᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠳᠡᠭᠡᠭᠰᠢᠯᠡᠨ ᠬᠥᠭᠵᠢᠭᠦᠯᠬᠦ ᠳᠤ ᠬᠠᠷᠢᠯᠴᠠᠨ ᠦᠢᠯᠡᠳᠦᠯᠴᠡᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠨᠢᠭᠲᠠ ᠬᠠᠷᠢᠯᠴᠠᠭ᠎ᠠ ᠲᠠᠢ ᠰᠣᠯᠢᠯᠴᠠᠭᠠᠨ ᠤ ᠲᠠᠪᠴᠠᠩ ᠢ ᠬᠠᠩᠭᠠᠨ᠎ᠠ᠃ ᠤᠢᠢᠷ᠎ᠠ ᠶᠢᠨ ᠭᠤᠷᠪᠠᠨ ᠵᠢᠯ ᠳᠤ᠂ ᠡᠯ᠎ᠡ ᠬᠦᠷᠢᠶᠡᠨ ᠤ 5000 ᠰᠢᠬᠠᠮ ᠴᠢᠳᠠᠪᠤᠷᠢᠲᠠᠨ ᠢ ᠰᠣᠩᠭᠤᠨ ᠲᠣᠮᠢᠯᠠᠵᠤ ᠴᠢᠳᠠᠪᠤᠷᠢᠲᠠᠨ ᠤ ᠪᠣᠯᠪᠠᠰᠤᠷᠠᠯ᠂ ᠰᠤᠷᠤᠯᠴᠠᠯᠭ᠎ᠠ ᠪᠠᠶᠢᠴᠠᠭᠠᠯᠲᠠ ᠪᠠ ᠰᠣᠯᠢᠯᠴᠠᠭᠠᠨ ᠤ ᠠᠵᠢᠯᠯᠠᠭ᠎ᠠ ᠵᠡᠷᠭᠡ ᠳᠤ 30 ᠭᠠᠷᠤᠢ ᠤᠳᠠᠭ᠎ᠠ ᠣᠷᠣᠯᠴᠠᠭᠤᠯᠵᠤ ᠂ ︽ᠴᠢᠳᠠᠪᠤᠷᠢᠲᠠᠨ ᠢ ᠦᠯᠡᠳᠡᠭᠡᠬᠦ︾ ᠬᠢᠴᠢᠶᠡᠯ ᠢ ᠦᠨᠡᠨᠬᠦ ᠰᠠᠶᠢᠲᠤᠷ ᠬᠢᠭᠰᠡᠨ ᠪᠠᠶᠢᠨ᠎ᠠ᠃    ᠭᠤᠷᠪᠠ ᠳᠤ᠂ ᠴᠡᠷᠢᠭ ᠪᠣᠯᠪᠠᠰᠤᠷᠠᠭᠤᠯᠬᠤ ᠲᠠᠪᠴᠠᠩ ᠬᠠᠩᠭᠠᠵᠤ ᠴᠢᠳᠠᠪᠤᠷᠢᠲᠠᠨ ᠢ ᠬᠥᠮᠦᠵᠢᠭᠦᠯᠦᠨ᠎ᠡ᠃ ᠯᠢ ᠾᠧ ᠲᠠᠷᠢᠶᠠᠯᠠᠩ᠂ ᠤᠮᠠᠷᠠᠲᠤ ᠶᠢᠨ ᠬᠤᠷᠣᠬᠠᠶ ᠡᠪᠡᠰᠦᠨ ᠤ ᠠᠵᠤ ᠦᠢᠯᠡᠰ ᠤᠨ ᠲᠣᠭᠤᠷᠢᠭ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠵᠡᠷᠭᠡ ᠶᠡᠭᠡ ᠳᠡᠭᠡᠳᠦ ᠰᠤᠷᠭᠠᠭᠤᠯᠢ ᠵᠢᠴᠢ ᠲᠣᠯᠣᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ᠂ ᠴᠢᠳᠠᠪᠤᠷᠢᠲᠠᠨ ︵ᠪᠣᠳᠠᠲᠠᠶ ᠪᠣᠯᠪᠠᠰᠤᠷᠠᠭᠤᠯᠬᠤ︶ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠠᠵᠤ ᠠᠬᠤᠶᠢᠯᠠᠯ ᠤᠨ ᠳᠠᠪᠠᠭᠤᠯᠢᠭ ᠡᠬᠢ ᠪᠠᠶᠠᠯᠢᠭ ᠢ ᠠᠰᠢᠭᠯᠠᠵᠤ᠂ ᠰᠠᠭᠤᠷᠢᠨ ᠭᠠᠵᠠᠷ ᠤᠨ ᠭᠠᠳᠠᠭᠠᠳᠤ ᠳᠤ ᠦᠢᠯᠡᠴᠢᠯᠡᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ︽ᠵᠠᠬᠢᠶᠠᠯᠠᠭ᠎ᠠ ᠶᠢᠨ ᠮᠠᠶ᠋ᠢᠭ︾ ︽ᠬᠠᠨᠳᠤᠯᠭᠠᠲᠤ ᠮᠠᠶ᠋ᠢᠭ︾ ᠤᠨ ᠠᠵᠢᠯ ᠮᠡᠷᠭᠡᠵᠢᠯ ᠤᠨ ᠲᠠᠷᠢᠶᠠᠴᠢᠨ ᠤ ᠮᠡᠷᠭᠡᠵᠢᠯ ᠤᠨ ᠪᠣᠯᠪᠠᠰᠤᠷᠠᠭᠤᠯᠤᠯ᠂ ᠬᠡᠷᠡᠭᠯᠡᠭᠡᠨ ᠤ ᠴᠢᠳᠠᠪᠤᠷᠢᠲᠠᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠶᠢ 40 ᠭᠠᠷᠤᠶ ᠲᠠᠯᠠᠪᠤᠷ ᠶᠡᠬᠡᠪᠡᠷ ᠥᠷᠨᠢᠭᠦᠯᠵᠦ᠂ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠨᠡᠶᠢᠲᠡ 600 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠡᠯ᠎ᠡ ᠲᠥᠷᠥᠯ ᠤᠨ ᠮᠡᠷᠭᠡᠵᠢᠯ ᠤᠨ ᠪᠡᠷᠬᠡ ᠰᠡᠳᠦᠪ ᠢ 100 ᠭᠠᠷᠤᠶ ᠰᠢᠢᠳᠪᠦᠷᠢᠯᠡᠨ᠂ ︽ᠠᠵᠤ ᠦᠢᠯᠡᠰ ᠤᠨ ᠬᠥᠭᠵᠢᠯᠲᠡ ᠪᠠᠷ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠦᠨ ᠳᠠᠭᠠᠭᠤᠯᠬᠤ︾ ᠬᠤᠤᠰ ᠠᠬᠢᠭᠤᠯᠬᠤ ᠦᠷ᠎ᠡ ᠳ᠋ᠦᠩ ᠳᠤ ᠠᠩᠬ᠎ᠠ ᠠᠯᠬᠤᠮ ᠭᠦᠷᠦᠭᠰᠡᠨ ᠪᠠᠶᠢᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号