ᠨᠢᠭᠡ ᠳᠤ᠂ ᠠᠴᠢᠶᠠᠯᠠᠪᠤᠷᠢ ᠶᠢᠨ ᠲᠠᠪᠴᠠᠩ ᠢ ᠥᠷᠭᠡᠳᠬᠡᠵᠦ ᠴᠢᠳᠠᠪᠤᠷᠢᠲᠠᠨ ᠢ ᠲᠠᠲᠠᠨ᠎ᠠ᠃ ᠰᠦᠩᠱᠠᠨ | ᠲᠣᠭᠤᠷᠢᠭ ᠤᠨ ᠬᠢᠨ ᠬᠡᠷᠡᠭᠴᠡᠭᠡ ᠶᠢᠨ ᠤᠳᠤᠷᠢᠳᠤᠮᠵᠢ ᠶᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢᠨ | ᠲᠡᠷᠢᠭᠦᠨ ᠴᠢᠬᠤᠯᠠ ᠵᠠᠷᠴᠢᠮ ᠪᠣᠯᠭᠠᠵᠤ᠂ ᠲᠣᠰ ᠪᠡᠶ᠎ᠡ ᠶᠢᠨ ᠠᠵᠤ ᠠᠬᠤᠶ ᠶᠢᠨ ᠬᠥᠭᠵᠢᠯᠲᠡ᠂ ᠠᠵᠤ ᠦᠢᠯᠡᠰ ᠤᠨ | ᠪᠦᠲᠦᠴᠡ᠂ ᠣᠷᠣᠨ ᠪᠦᠰᠡ ᠶᠢᠨ ᠣᠨᠴᠠᠯᠢᠭ ᠵᠡᠷᠭᠡ ᠬᠦᠴᠦᠨ ᠵᠦᠢᠯ ᠤᠨ ᠲᠣᠭᠤᠷᠢᠨ ᠳᠤ ᠬᠡᠷᠡᠭᠴᠡᠭᠡ ᠶᠢᠨ | ᠪᠠᠶᠢᠴᠠᠭᠠᠨ ᠰᠤᠳᠤᠯᠤᠯᠲᠠ ᠶᠢ ᠭᠦᠢᠴᠡᠳ ᠰᠠᠶᠢᠲᠤᠷ ᠬᠢᠨ᠎ᠡ᠃ ᠣᠳᠣᠬᠠᠨ ᠳᠤ᠂ ᠬᠠᠨᠳᠤᠯᠭ᠎ᠠ ᠲᠠᠢ ᠪᠠᠷ ᠣᠷᠣᠭᠤᠯᠤᠨ | ᠠᠪᠴᠢᠷᠠᠬᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ | ᠬᠠᠮᠲᠤᠷᠠᠯᠴᠠᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠬᠦᠷᠢᠶᠡᠨ ᠳᠠᠬᠢ ᠴᠢᠳᠠᠪᠤᠷᠢᠲᠠᠨ 119 ᠨᠡᠷ᠎ᠡ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠴᠢᠳᠠᠪᠤᠷᠢᠲᠠᠨ 67 | ᠨᠡᠷ᠎ᠡ᠂ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ 25 ᠨᠡᠷ᠎ᠡ ᠶᠢ ᠣᠷᠣᠭᠤᠯᠤᠨ ᠠᠪᠴᠢᠷᠠᠵᠤ᠂ | ᠦᠨᠳᠦᠰᠦᠨ ᠱᠠᠲᠤ ᠶᠢ ᠬᠠᠨᠳᠤᠯᠭ᠎ᠠ ᠲᠠᠢ ᠪᠠᠷ ᠬᠠᠪᠰᠤᠷᠤᠨ ᠡᠯ᠎ᠡ ᠲᠥᠷᠥᠯ ᠤᠨ ᠪᠣᠳᠠᠲᠠᠶ ᠠᠰᠠᠭᠤᠳᠠᠯ ᠢ 125 | ᠰᠢᠢᠳᠪᠦᠷᠢᠯᠡᠵᠦ᠂ ᠴᠢᠳᠠᠪᠤᠷᠢᠲᠠᠨ ᠤ ᠲᠠᠷᠬᠠᠯᠲᠠ ᠪᠠ ᠠᠵᠤ ᠦᠢᠯᠡᠰ ᠤᠨ ᠪᠠᠶᠢᠷᠢᠰᠢᠯ ᠤᠨ ᠳᠡᠭᠡᠳᠦ ᠬᠡᠮᠵᠢᠶ᠎ᠡ ᠪᠠᠷ | ᠠᠭᠤᠰᠤᠯᠴᠠᠬᠤ ᠶᠢ ᠠᠬᠢᠭᠤᠯᠪᠠ᠃ | ᠬᠤᠶᠠᠷ ᠲᠤ᠂ ᠰᠣᠯᠢᠯᠴᠠᠭᠠᠨ ᠤ ᠲᠠᠪᠴᠠᠩ ᠢ ᠪᠠᠶᠢᠭᠤᠯᠵᠤ ᠴᠢᠳᠠᠪᠤᠷᠢᠲᠠᠨ ᠢ ᠦᠯᠡᠳᠡᠭᠡᠨ᠎ᠡ᠃ ᠰᠦᠩᠱᠠᠨ | ᠲᠣᠭᠤᠷᠢᠭ ᠤᠨ ᠬᠢᠨ ᠡᠬᠢ ᠪᠠᠶᠠᠯᠢᠭ ᠢ ᠨᠡᠶᠢᠳᠬᠡᠬᠦ᠂ ᠠᠵᠢᠯ ᠢ ᠠᠭᠤᠰᠤᠯᠴᠠᠭᠤᠯᠬᠤ᠂ ᠬᠦᠴᠦᠨ ᠢ | ᠨᠢᠭᠲᠠᠷᠠᠭᠤᠯᠬᠤ ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ ᠤᠨ ᠬᠦᠴᠦᠨ ᠢ ᠪᠦᠲᠦᠮᠵᠢᠲᠡᠶ ᠨᠢᠭᠲᠠᠷᠠᠭᠤᠯᠵᠤ᠂ | ᠴᠢᠳᠠᠪᠤᠷᠢᠲᠠᠨ ᠢ ᠠᠵᠢᠯ ᠤᠨ ᠪᠠᠶᠢᠷᠢ ᠳᠡᠭᠡᠷ᠎ᠡ ᠪᠠᠨ ᠪᠣᠯᠪᠠᠰᠤᠷᠠᠭᠤᠯᠬᠤ᠂ ᠠᠵᠢᠯ ᠠᠴᠠ ᠪᠠᠨ ᠰᠠᠯᠵᠤ ᠰᠤᠷᠤᠯᠴᠠᠬᠤ᠂ | ᠠᠵᠢᠯ ᠤᠨ ᠪᠠᠶᠢᠷᠢ ᠳᠠᠭᠠᠵᠤ ᠳᠡᠭᠡᠭᠰᠢᠯᠡᠭᠦᠯᠬᠦ ᠵᠡᠷᠭᠡ ᠲᠦᠷᠢᠮ ᠢ ᠲᠠᠰᠤᠷᠠᠯᠲᠠ ᠥᠬᠡᠶ ᠪᠠᠶᠢᠭᠤᠯᠤᠨ | ᠲᠡᠭᠦᠯᠳᠡᠷᠵᠢᠭᠦᠯᠵᠦ᠂ ᠰᠦᠩᠱᠠᠨ ᠲᠣᠭᠤᠷᠢᠭ ᠤᠨ ᠡᠯ᠎ᠡ ᠲᠥᠷᠥᠯ ᠤᠨ ᠴᠢᠳᠠᠪᠤᠷᠢᠲᠠᠨ ᠤ ᠠᠵᠢᠯ ᠣᠯᠵᠤ ᠠᠳᠠᠯ | ᠦᠢᠯᠡᠰ ᠴᠣᠭᠴᠠᠯᠠᠬᠤ᠂ ᠳᠡᠭᠡᠭᠰᠢᠯᠡᠨ ᠬᠥᠭᠵᠢᠭᠦᠯᠬᠦ ᠳᠤ ᠬᠠᠷᠢᠯᠴᠠᠨ ᠦᠢᠯᠡᠳᠦᠯᠴᠡᠵᠦ᠂ ᠡᠬᠢ ᠪᠠᠶᠠᠯᠢᠭ ᠢ ᠬᠠᠮᠲᠤ ᠪᠠᠷ | ᠡᠳ᠋ᠯᠡᠬᠦ᠂ ᠨᠢᠭᠲᠠ ᠬᠠᠷᠢᠯᠴᠠᠭ᠎ᠠ ᠲᠠᠢ ᠰᠣᠯᠢᠯᠴᠠᠭᠠᠨ ᠤ ᠲᠠᠪᠴᠠᠩ ᠢ ᠬᠠᠩᠭᠠᠨ᠎ᠠ᠃ ᠤᠢᠢᠷ᠎ᠠ ᠶᠢᠨ ᠭᠤᠷᠪᠠᠨ ᠵᠢᠯ ᠳᠤ᠂ | ᠡᠯ᠎ᠡ ᠬᠦᠷᠢᠶᠡᠨ ᠤ 5000 ᠰᠢᠬᠠᠮ ᠴᠢᠳᠠᠪᠤᠷᠢᠲᠠᠨ ᠢ ᠰᠣᠩᠭᠤᠨ ᠲᠣᠮᠢᠯᠠᠵᠤ ᠴᠢᠳᠠᠪᠤᠷᠢᠲᠠᠨ ᠤ ᠪᠣᠯᠪᠠᠰᠤᠷᠠᠯ᠂ | ᠰᠤᠷᠤᠯᠴᠠᠯᠭ᠎ᠠ ᠪᠠᠶᠢᠴᠠᠭᠠᠯᠲᠠ ᠪᠠ ᠰᠣᠯᠢᠯᠴᠠᠭᠠᠨ ᠤ ᠠᠵᠢᠯᠯᠠᠭ᠎ᠠ ᠵᠡᠷᠭᠡ ᠳᠤ 30 ᠭᠠᠷᠤᠢ ᠤᠳᠠᠭ᠎ᠠ ᠣᠷᠣᠯᠴᠠᠭᠤᠯᠵᠤ | ᠂ ︽ᠴᠢᠳᠠᠪᠤᠷᠢᠲᠠᠨ ᠢ ᠦᠯᠡᠳᠡᠭᠡᠬᠦ︾ ᠬᠢᠴᠢᠶᠡᠯ ᠢ ᠦᠨᠡᠨᠬᠦ ᠰᠠᠶᠢᠲᠤᠷ ᠬᠢᠭᠰᠡᠨ ᠪᠠᠶᠢᠨ᠎ᠠ᠃ | ᠭᠤᠷᠪᠠ ᠳᠤ᠂ ᠴᠡᠷᠢᠭ ᠪᠣᠯᠪᠠᠰᠤᠷᠠᠭᠤᠯᠬᠤ ᠲᠠᠪᠴᠠᠩ ᠬᠠᠩᠭᠠᠵᠤ ᠴᠢᠳᠠᠪᠤᠷᠢᠲᠠᠨ ᠢ ᠬᠥᠮᠦᠵᠢᠭᠦᠯᠦᠨ᠎ᠡ᠃ ᠯᠢ | ᠾᠧ ᠲᠠᠷᠢᠶᠠᠯᠠᠩ᠂ ᠤᠮᠠᠷᠠᠲᠤ ᠶᠢᠨ ᠬᠤᠷᠣᠬᠠᠶ ᠡᠪᠡᠰᠦᠨ ᠤ ᠠᠵᠤ ᠦᠢᠯᠡᠰ ᠤᠨ ᠲᠣᠭᠤᠷᠢᠭ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠲᠥᠪ ᠵᠡᠷᠭᠡ ᠶᠡᠭᠡ ᠳᠡᠭᠡᠳᠦ ᠰᠤᠷᠭᠠᠭᠤᠯᠢ ᠵᠢᠴᠢ ᠲᠣᠯᠣᠭᠠᠶᠢᠯᠠᠭᠴᠢ ᠠᠵᠤ ᠠᠬᠤᠶᠢᠯᠠᠯ ᠳᠤ | ᠲᠦᠰᠢᠭᠯᠡᠨ᠂ ᠴᠢᠳᠠᠪᠤᠷᠢᠲᠠᠨ ︵ᠪᠣᠳᠠᠲᠠᠶ ᠪᠣᠯᠪᠠᠰᠤᠷᠠᠭᠤᠯᠬᠤ︶ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠠᠶᠢᠭᠤᠯᠵᠤ᠂ ᠠᠵᠤ ᠠᠬᠤᠶᠢᠯᠠᠯ ᠤᠨ ᠳᠠᠪᠠᠭᠤᠯᠢᠭ ᠡᠬᠢ ᠪᠠᠶᠠᠯᠢᠭ ᠢ ᠠᠰᠢᠭᠯᠠᠵᠤ᠂ ᠰᠠᠭᠤᠷᠢᠨ ᠭᠠᠵᠠᠷ ᠤᠨ | ᠭᠠᠳᠠᠭᠠᠳᠤ ᠳᠤ ᠦᠢᠯᠡᠴᠢᠯᠡᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ︽ᠵᠠᠬᠢᠶᠠᠯᠠᠭ᠎ᠠ ᠶᠢᠨ ᠮᠠᠶ᠋ᠢᠭ︾ ︽ | ᠬᠠᠨᠳᠤᠯᠭᠠᠲᠤ ᠮᠠᠶ᠋ᠢᠭ︾ ᠤᠨ ᠠᠵᠢᠯ ᠮᠡᠷᠭᠡᠵᠢᠯ ᠤᠨ ᠲᠠᠷᠢᠶᠠᠴᠢᠨ ᠤ ᠮᠡᠷᠭᠡᠵᠢᠯ ᠤᠨ ᠪᠣᠯᠪᠠᠰᠤᠷᠠᠭᠤᠯᠤᠯ᠂ ᠬᠡᠷᠡᠭᠯᠡᠭᠡᠨ ᠤ | ᠴᠢᠳᠠᠪᠤᠷᠢᠲᠠᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠶᠢ 40 ᠭᠠᠷᠤᠶ ᠲᠠᠯᠠᠪᠤᠷ ᠶᠡᠬᠡᠪᠡᠷ ᠥᠷᠨᠢᠭᠦᠯᠵᠦ᠂ | ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠨᠡᠶᠢᠲᠡ 600 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠡᠯ᠎ᠡ | ᠲᠥᠷᠥᠯ ᠤᠨ ᠮᠡᠷᠭᠡᠵᠢᠯ ᠤᠨ ᠪᠡᠷᠬᠡ ᠰᠡᠳᠦᠪ ᠢ 100 ᠭᠠᠷᠤᠶ ᠰᠢᠢᠳᠪᠦᠷᠢᠯᠡᠨ᠂ ︽ᠠᠵᠤ ᠦᠢᠯᠡᠰ ᠤᠨ | ᠬᠥᠭᠵᠢᠯᠲᠡ ᠪᠠᠷ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠴᠢᠳᠠᠪᠤᠷᠢᠲᠠᠨ ᠢ ᠬᠥᠭᠵᠢᠭᠦᠯᠦᠨ | ᠮᠠᠨᠳᠤᠭᠤᠯᠬᠤ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠦᠨ ᠳᠠᠭᠠᠭᠤᠯᠬᠤ︾ ᠬᠤᠤᠰ ᠠᠬᠢᠭᠤᠯᠬᠤ ᠦᠷ᠎ᠡ | ᠳ᠋ᠦᠩ ᠳᠤ ᠠᠩᠬ᠎ᠠ ᠠᠯᠬᠤᠮ ᠭᠦᠷᠦᠭᠰᠡᠨ ᠪᠠᠶᠢᠨ᠎ᠠ᠃ |