ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠭᠤᠷᠪᠠᠳᠤᠭᠠᠷ ᠳᠡᠰ ᠤᠨ ᠬᠥᠬᠡᠭᠴᠢᠨ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠠᠮᠵᠢᠯᠲᠠ ᠲᠠᠢ ᠳᠡᠪᠰᠢᠪᠡ
ᠨᠡᠶᠢᠲᠡᠯᠡᠭᠰᠡᠨ ᠴᠠᠭ᠄
2023/8/3
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ ᠠᠴᠠ ᠣᠶᠢᠯᠠᠭᠠᠭᠰᠠᠨ ᠨᠢ᠂ 2022 ᠣᠨ ᠤ 5 ᠰᠠᠷ᠎ᠠ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠣᠰ ᠦᠶᠡᠯᠡᠯ ᠤᠨ ᠬᠤᠭᠤᠴᠠᠭᠠᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠯ ᠭᠠᠷᠤᠶ ᠶᠢᠨ ᠬᠤᠭᠤᠴᠠᠭᠠᠨ ᠤ ᠴᠢᠩᠭ᠎ᠠ ᠬᠢᠨᠠᠨ ᠲᠣᠭᠲᠠᠭᠠᠯᠲᠠ ᠪᠠᠷ ᠳᠡᠮᠵᠢᠨ᠂ ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡᠭᠴᠢᠨ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠭᠠᠨ ᠠᠮᠵᠢᠯᠲᠠ ᠲᠠᠢ ᠪᠠᠷ ᠳᠡᠭᠡᠭᠰᠢᠯᠡᠭᠦᠯᠪᠡ᠃    ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ 1955 ᠣᠨ  ᠳᠤ ᠪᠠᠶᠢᠭᠤᠯᠤᠭᠳᠠᠵᠤ᠂ ᠰᠦᠩᠱᠠᠨ ᠲᠣᠭᠤᠷᠢᠭ ᠤᠨ 70 ᠭᠠᠷᠤᠢ ᠲᠦᠮᠡᠨ ᠬᠥᠮᠦᠨ ᠠᠮᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯ ᠵᠢᠴᠢ ᠭᠤᠣᠯ ᠬᠤᠳᠠ ᠶᠢᠨ ᠲᠣᠭᠤᠷᠢᠭ ᠤᠨ ᠬᠡᠰᠡᠭ ᠡᠮ ᠡᠮᠨᠡᠯᠭᠡ᠂ ᠡᠷᠡᠭᠦᠯ ᠮᠡᠨᠳᠦ ᠶᠢ ᠬᠠᠮᠠᠭᠠᠯᠠᠬᠤ ᠵᠢᠴᠢ ᠲᠦᠷᠭᠡᠨ ᠡᠮᠨᠡᠬᠦ ᠲᠦᠷᠭᠡᠨ ᠠᠪᠤᠷᠠᠬᠤ ᠡᠭᠦᠷᠭᠡ ᠶᠢ ᠡᠭᠦᠷᠭᠡᠯᠡᠪᠡ᠃ ᠡᠮᠨᠡᠯᠭᠡ ᠶᠢᠨ ᠬᠤᠷᠢᠶ᠎ᠠ ᠶᠢᠨ ᠣᠲᠣ ᠪᠠᠶᠢᠭ᠎ᠠ ᠭᠠᠵᠠᠷ ᠨᠢ 41 ᠮᠥ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠨᠢ 7.4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 559 ᠡᠪᠡᠳᠴᠢᠲᠡᠨ ᠤ ᠣᠷᠣ ᠶᠢ ᠨᠠᠶᠢᠷᠠᠭᠤᠯᠤᠨ ᠵᠣᠬᠢᠶᠠᠵᠤ᠂ 787 ᠡᠪᠡᠳᠴᠢᠲᠡᠨ ᠤ ᠣᠷᠣ ᠶᠢ ᠴᠢᠯᠥᠭᠡᠲᠡᠶ ᠲᠠᠯᠪᠢᠵᠤ᠂ 36 ᠡᠮᠴᠢᠯᠡᠭᠡᠨ ᠤ ᠰᠠᠯᠠᠭ᠎ᠠ ᠲᠠᠰᠤᠭ᠂ 12 ᠡᠮᠨᠡᠯᠭᠡ ᠶᠢᠨ ᠮᠡᠷᠭᠡᠵᠢᠯ ᠤᠨ ᠰᠠᠯᠠᠭ᠎ᠠ ᠲᠠᠰᠤᠭ᠂ 26 ᠵᠠᠰᠠᠭ ᠵᠠᠬᠢᠷᠭᠠᠨ ᠤ  ᠦᠢᠯᠡᠴᠢᠯᠡᠭᠡᠨ ᠤ ᠰᠠᠯᠠᠭ᠎ᠠ ᠲᠠᠰᠤᠭ᠂ 27 ᠡᠪᠡᠳᠴᠢᠲᠡᠨ ᠤ ᠲᠣᠭᠤᠷᠢᠭ ᠲᠠᠢ᠃ ᠡᠮᠨᠡᠯᠭᠡ ᠶᠢᠨ ᠬᠤᠷᠢᠶ᠎ᠠ ᠳᠤ ᠣᠲᠣ 2244 ᠡᠮᠴᠢᠯᠡᠭᠡᠨ ᠤ ᠲᠥᠬᠦᠭᠡᠷᠦᠮᠵᠢ ᠲᠠᠢ ᠪᠠᠶᠢᠵᠤ᠂ ᠡᠮᠴᠢᠯᠡᠭᠡᠨ ᠤ ᠣᠨᠣᠰᠢᠯᠠᠵᠤ ᠡᠮᠨᠡᠨ ᠵᠠᠰᠠᠬᠤ ᠶᠢᠨ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠶᠢᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号