ᠰᠦᠩᠱᠠᠨ ᠲᠣᠭᠤᠷᠢᠭ ᠨᠠᠮ ᠵᠠᠰᠠᠭ ᠴᠡᠷᠢᠭ ᠤᠨ ᠶᠠᠪᠤᠳᠠᠯ ᠢ ᠤᠳᠤᠷᠢᠳᠬᠤ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/3
     8 ᠰᠠᠷ᠎ᠠ ᠶᠢᠨ 1 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠬᠠᠮᠲᠤᠷᠠᠨ ᠰᠦᠩᠱᠠᠨ ᠲᠣᠭᠤᠷᠢᠭ ᠤᠨ ᠨᠠᠮ ᠵᠠᠰᠠᠭ ᠴᠡᠷᠢᠭ ᠤᠨ ᠶᠠᠪᠤᠳᠠᠯ ᠢ ᠤᠳᠤᠷᠢᠳᠬᠤ ᠡᠳᠦᠷ ᠤᠨ ᠠᠵᠢᠯᠯᠠᠭ᠎ᠠ ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠵᠢᠶᠠᠩ ᠼᠦᠩ᠂ ᠵᠦᠩ ᠴᠢᠩ ᠰᠦᠩ᠂ ᠸᠠᠩ ᠱᠦᠨ᠂ ᠴᠢᠨ ᠢᠦᠢ ᠬᠤᠤ᠂ ᠰᠦᠨ ᠶᠢᠩ᠂ ᠰᠦᠩ ᠳ᠋ᠡ ᠹᠦ᠋᠂ ᠵᠦ ᠰᠢᠶᠤᠤ ᠯᠸᠢ᠂ ᠶᠠᠩ ᠯᠢ ᠬᠦᠩ᠂ ᠢᠦᠢ ᠬᠤᠸᠠ ᠶᠠᠨ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠱᠤᠤ ᠭᠤᠸᠠᠩ ᠠᠵᠢᠯᠯᠠᠭ᠎ᠠ ᠳᠤ ᠣᠷᠣᠯᠴᠠᠪᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠯᠠᠭ᠎ᠠ ᠳᠤ ᠣᠷᠣᠯᠴᠠᠭᠰᠠᠨ ᠬᠥᠮᠦᠰ ᠬᠤᠪᠢᠰᠬᠠᠯ ᠤᠨ ᠺᠢᠨᠣ᠋ ︽ᠬᠠᠭᠠᠰ ᠬᠥᠨᠵᠢᠯᠡ︾ ᠶᠢ ᠦᠵᠡᠵᠦ᠂ ᠬᠥᠮᠦᠰ ᠤᠨ ᠰᠡᠳᠬᠢᠯ ᠢ ᠬᠥᠳᠡᠯᠭᠡᠮ᠎ᠡ ᠬᠤᠪᠢᠰᠬᠠᠯ ᠤᠨ ᠲᠡᠦᠬᠡ ᠶᠢᠨ ᠦᠯᠢᠭᠡᠷ ᠢ ᠬᠠᠮᠲᠤᠪᠠᠷ ᠡᠷᠭᠢᠴᠡᠭᠦᠯᠪᠡ᠃ ︽ᠬᠠᠭᠠᠰ ᠬᠥᠨᠵᠢᠯᠡ︾ ᠶᠢ ᠲᠡᠦᠬᠡᠨ ᠪᠣᠳᠠᠲᠤ ᠶᠠᠪᠤᠳᠠᠯ ᠤᠨ ᠮᠠᠲ᠋ᠧᠷᠢᠶᠠᠯ ᠢ ᠦᠨᠳᠦᠰᠦᠯᠡᠨ ᠵᠣᠬᠢᠶᠠᠨ ᠪᠦᠲᠦᠭᠡᠵᠦ᠂ ᠦᠯᠢᠭᠡᠷ ᠨᠢ 1934 ᠣᠨ ᠳᠤ ᠬᠤᠨᠠᠨ ᠤ ᠷᠦᠴᠤᠩ ᠰᠢᠶᠠᠨ ᠤ ᠸᠧᠨ ᠮᠢᠩ ᠰᠢᠶᠠᠩ ᠤᠨ ᠱᠠ ᠵᠧᠤ ᠲᠣᠰᠬᠤᠨ ᠳᠤ ᠡᠭᠦᠰᠪᠡ᠃ ᠡᠭᠦᠨ ᠳᠤ ᠭᠤᠣᠯᠳᠠᠭᠤ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠦᠶ᠎ᠡ ᠳᠤ᠂ ᠨᠤᠲᠤᠭ ᠤᠨ ᠠᠬ᠎ᠠ ᠳᠡᠭᠦᠦ ᠰᠢᠤᠢ ᠰᠢᠶᠧ ᠰᠢᠤ ᠶᠢᠨ ᠭᠡᠷ ᠲᠤ ᠬᠤᠨᠣᠭᠰᠠᠨ ᠭᠤᠷᠪᠠᠨ ᠡᠮᠡᠭᠲᠡᠢ ᠤᠯᠠᠭᠠᠨ ᠴᠡᠷᠢᠭ᠂ ᠰᠢᠤᠢ ᠰᠢᠶᠧ ᠰᠢᠤ ᠶᠢᠨ ᠭᠡᠷ ᠤᠨ ᠠᠮᠢᠳᠤᠷᠠᠯ ᠨᠢ ᠶᠠᠳᠠᠭᠤ ᠵᠦᠳᠡᠭᠦᠦ᠂ ᠬᠦᠢᠳᠡᠨ ᠠᠴᠠ ᠬᠠᠮᠠᠭᠠᠯᠠᠬᠤ ᠬᠥᠨᠵᠢᠯᠡ ᠴᠦ ᠪᠠᠶᠢᠬᠤ ᠦᠭᠡᠢ ᠶᠢ ᠣᠯᠵᠤ ᠬᠠᠷᠠᠭᠠᠳ᠂ ᠰᠠᠯᠬᠤ ᠠᠴᠠ ᠪᠠᠨ ᠡᠮᠦᠨ᠎ᠡ ᠬᠠᠶᠢᠴᠢ ᠪᠠᠷ ᠥᠪᠡᠷ ᠤᠨ ᠭᠠᠭᠴᠠᠬᠠᠨ ᠬᠥᠨᠵᠢᠯᠡ ᠪᠠᠨ ᠬᠠᠶᠢᠴᠢᠯᠠᠵᠤ᠂ ᠬᠠᠭᠠᠰ ᠬᠥᠨᠵᠢᠯᠡ ᠪᠠᠨ ᠰᠢᠤᠢ ᠰᠢᠶᠧ ᠰᠢᠤ ᠳᠤ ᠦᠯᠡᠳᠡᠭᠡᠨ ᠥᠭᠴᠦ᠂ ᠡᠭᠦᠨ ᠤ ᠤᠯᠠᠮ ᠠᠴᠠ ᠬᠤᠪᠢᠰᠬᠠᠯᠲᠤ ᠨᠥᠬᠦᠷᠯᠡᠯ ᠤᠨ ᠬᠤᠪᠢᠰᠬᠠᠯ ᠤᠨ ᠰᠣᠩᠭᠤᠳᠠᠭ ᠦᠯᠢᠭᠡᠷ ᠢ ᠪᠦᠷᠢᠯᠳᠦᠭᠦᠯᠪᠡ᠃    ᠺᠢᠨᠣ᠋ ᠦᠵᠡᠵᠦ ᠪᠠᠷᠠᠭᠰᠠᠨ ᠤ ᠲᠠᠷᠠᠭ᠎ᠠ᠂ ᠺᠢᠨᠣ᠋ ︽ᠬᠠᠭᠠᠰ ᠬᠥᠨᠵᠢᠯᠡ︾ ᠶᠢᠨ ᠭᠤᠣᠯ ᠲᠣᠭᠯᠠᠭᠴᠢ ᠯᠢ ᠹᠧᠩ ᠮᠢᠩ ᠤᠯᠠᠨ ᠳᠤ ᠺᠢᠨᠣ᠋ ᠰᠡᠭᠦᠳᠡᠷᠯᠡᠬᠦ ᠶᠠᠪᠤᠴᠠ ᠳᠠᠬᠢ ᠰᠡᠳᠬᠢᠯ ᠬᠥᠳᠡᠯᠭᠡᠮ᠎ᠡ ᠦᠯᠢᠭᠡᠷ ᠪᠣᠯᠤᠨ ᠠᠭᠤᠤ ᠶᠡᠭᠡ ᠤᠷᠳᠤ ᠵᠠᠮ ᠤᠨ ᠠᠶᠠᠨ ᠲᠠᠶᠢᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠭᠰᠠᠨ ᠲᠤᠬᠠᠢ ᠣᠶᠢᠯᠠᠭᠠᠯᠲᠠ ᠲᠦᠷᠦᠭᠳᠡᠯ ᠢᠶᠠᠨ ᠶᠠᠷᠢᠵᠤ ᠥᠭᠪᠡ᠃    ᠠᠵᠢᠯᠯᠠᠭ᠎ᠠ ᠳᠤ ᠣᠷᠣᠯᠴᠠᠭᠰᠠᠳ ᠠᠴᠠ᠂ ᠨᠢᠭᠡ ᠬᠥᠨᠵᠢᠯᠡ ᠶᠢ ᠬᠤᠶᠠᠷ ᠬᠠᠭᠠᠰ ᠢᠶᠠᠷ ᠬᠠᠶᠢᠴᠢᠯᠠᠭᠰᠠᠨ ᠨᠢ᠂ ᠤᠯᠠᠭᠠᠨ ᠴᠡᠷᠢᠭ ᠪᠣᠯᠤᠨ ᠠᠷᠠᠳ ᠤᠯᠠᠨ ᠤ ᠬᠤᠭᠤᠷᠣᠨᠳᠣᠬᠢ ᠵᠣᠪᠠᠭᠤᠷᠢ ᠵᠦᠳᠡᠭᠦᠷᠢ ᠪᠠᠨ ᠬᠠᠮᠲᠤᠳᠬᠠᠭᠰᠠᠨ ᠰᠡᠳᠬᠢᠯ ᠬᠥᠳᠡᠯᠭᠡᠮ᠎ᠡ ᠦᠯᠢᠭᠡᠷ ᠢ ᠲᠡᠮᠳᠡᠭᠯᠡᠪᠡ᠃ ᠲᠡᠷᠡ ᠨᠢ ᠨᠠᠮ ᠤᠨ ᠠᠷᠠᠳ ᠲᠦᠮᠡᠨ ᠳᠤ ᠵᠣᠯ ᠵᠢᠷᠭᠠᠯ ᠣᠯᠭᠤᠬᠤ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠲᠡᠮᠡᠴᠡᠬᠦ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠨᠠᠮ ᠪᠣᠯᠤᠨ ᠠᠷᠠᠳ ᠲᠦᠮᠡᠨ ᠤ ᠢᠮᠠᠭᠲᠠ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠵᠤ᠂ ᠴᠢᠰᠤ ᠮᠢᠬᠠᠨ ᠤ ᠪᠠᠷᠢᠯᠳᠤᠯᠭ᠎ᠠ᠂ ᠦᠬᠦᠵᠦ ᠰᠡᠭᠡᠬᠦ ᠪᠠᠨ ᠬᠠᠮᠲᠤᠳᠬᠠᠬᠤ ᠢᠲᠡᠭᠡᠯ ᠪᠢᠰᠢᠷᠡᠯ ᠢ ᠭᠦᠢᠴᠡᠳ ᠲᠠᠶᠢᠯᠪᠤᠷᠢᠯᠠᠪᠠ᠃ ᠵᠠᠯᠭᠠᠭᠠᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠰᠬᠠᠯ ᠤᠨ ᠤᠯᠠ ᠮᠥᠷ ᠢ ᠳᠠᠭᠠᠵᠤ᠂ ᠤᠭ ᠰᠠᠨᠠᠭ᠎ᠠ ᠪᠠᠨ ᠢᠮᠠᠭᠲᠠ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠦᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠣᠳᠣᠬᠢᠴᠢᠯᠠᠭᠰᠠᠨ ᠰᠦᠩᠱᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠭᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号