ᠰᠦᠩᠱᠠᠨ ᠲᠣᠭᠤᠷᠢᠭ ᠬᠤᠸᠠᠷ ᠫᠤᠤᠵᠢᠩ ᠲᠠᠯᠪᠢᠬᠤ ᠶᠢ ᠬᠢᠵᠠᠭᠠᠷᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/3
    8 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠬᠤᠸᠠᠷ ᠫᠤᠤᠵᠢᠩ ᠲᠠᠯᠪᠢᠬᠤ ᠶᠢ ᠬᠢᠵᠠᠭᠠᠷᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠᠩ ᠴᠠᠩ ᠬᠤᠶ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠶᠠᠩ ᠯᠢ ᠬᠥᠩ ᠬᠤᠷᠠᠯ ᠳᠤ ᠣᠷᠣᠯᠴᠠᠪᠠ᠃    ᠬᠤᠷᠠᠯ ᠠᠴᠠ ᠱᠠᠭᠠᠷᠳᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠨᠢᠨ ᠳᠡᠭᠡᠷ᠎ᠡ ᠨᠢ ᠬᠦᠴᠦᠯᠡᠵᠦ᠂ ᠬᠤᠸᠠᠷ ᠫᠤᠤᠵᠢᠩ ᠲᠠᠯᠪᠢᠬᠤ ᠶᠢ ᠬᠢᠵᠠᠭᠠᠷᠯᠠᠬᠤ ᠠᠵᠢᠯ ᠤᠨ ᠬᠠᠨᠳᠤᠯᠭᠠᠲᠤ ᠴᠢᠨᠠᠷ᠂ ᠦᠷ᠎ᠡ ᠪᠦᠳᠦᠮᠵᠢᠳᠤ ᠴᠢᠨᠠᠷ ᠢ ᠬᠦᠴᠦᠯᠡᠨ ᠴᠢᠩᠭᠠᠳᠬᠠᠬᠤ ᠬᠡᠷᠡᠭᠲᠡᠢ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠰᠠᠭᠤᠭᠠᠯᠢ ᠠᠷᠠᠳ ᠤᠨ ᠲᠣᠭᠤᠷᠢᠭ᠂ ᠬᠤᠲᠠ ᠶᠢᠨ ᠳᠤᠮᠳᠠᠬᠢ ᠲᠣᠰᠬᠤᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠴᠣᠬᠢᠯᠲᠠ ᠥᠭᠴᠦ ᠴᠢᠩᠭ᠎ᠠ ᠴᠡᠭᠴᠡᠯᠡᠬᠦ ᠶᠢ ᠪᠠᠷᠢᠮᠲᠠᠯᠠᠨ᠂ ᠣᠯᠠᠨ ᠲᠦᠮᠡᠨ ᠢ ᠳᠠᠶᠢᠴᠢᠯᠠᠨ ᠢᠯᠡᠴᠢᠯᠡᠨ ᠮᠡᠳᠡᠭᠦᠯᠬᠦ ᠳᠤ ᠢᠳᠡᠪᠬᠢᠲᠡᠶ ᠣᠷᠣᠯᠴᠠᠭᠤᠯᠵᠤ᠂ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠭᠤᠴᠢᠯᠠᠭᠤᠷ᠂ ᠰᠦᠯᠵᠢᠶᠡᠨ ᠤ ᠸᠢᠴᠠᠲ ᠤᠨ ᠪᠦᠯᠦᠭ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠰᠢᠭᠯᠠᠨ᠂ ᠬᠤᠸᠠᠷ ᠫᠤᠤᠵᠢᠩ ᠲᠠᠯᠪᠢᠬᠤ ᠶᠢ ᠬᠢᠵᠠᠭᠠᠷᠯᠠᠬᠤ ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠢ ᠪᠠᠷᠢᠮᠲᠠᠯᠠᠨ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠪᠥᠬᠦ ᠲᠣᠭᠤᠷᠢᠭ ᠤᠨ ᠰᠢᠲᠠᠬᠤ ᠶᠢ ᠴᠠᠭᠠᠵᠠᠯᠠᠬᠤ ᠪᠠ ᠲᠠᠯᠪᠢᠬᠤ ᠶᠢ ᠴᠠᠭᠠᠵᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号