ᠶᠡᠷᠦᠩᠬᠡᠶ ᠪᠠᠯᠠ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠲᠤ ᠬᠦᠷᠬᠦ ᠳ᠋ᠡ ᠰᠢᠩ ᠯᠦᠩ ᠬᠥᠳᠡᠭᠡ ᠲᠣᠰᠬᠤᠨ ᠤ ᠵᠢᠭᠤᠯᠴᠢᠯᠠᠯ ᠤᠨ ᠲᠦᠷᠦᠯ ᠵᠦᠢᠯ ᠳᠤ ᠵᠢᠩᠬᠢᠨᠢ ᠪᠠᠷ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2023/8/9
    8 ᠰᠠᠷ᠎ᠠ ᠶᠢᠨ 7 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤᠯᠠᠭᠠᠨᠬᠠᠳᠠ ᠬᠤᠳᠠ ᠶᠢᠨ ᠰᠢᠶᠠᠩ ᠶᠦᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠳ᠋ᠠ ᠰᠢᠩ ᠯᠦᠩ ᠬᠥᠳᠡᠭᠡ ᠲᠣᠰᠬᠤᠨ ᠤ ᠵᠤᠭᠠᠴᠠᠯ ᠤᠨ ᠲᠦᠷᠦᠯ ᠵᠦᠢᠯ ᠤᠨ ᠲᠤᠬᠠᠢ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠶᠠᠨ ᠹᠦ᠋ ᠶᠣᠰᠣᠯᠠᠯ ᠳᠤ ᠣᠷᠣᠯᠴᠠᠪᠠ᠃    ᠳ᠋ᠠ ᠰᠢᠩ ᠯᠦᠩ ᠬᠥᠳᠡᠭᠡ ᠲᠣᠰᠬᠤᠨ ᠤ ᠵᠤᠭᠠᠴᠠᠯ ᠤᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠪᠠᠷ ᠭᠤᠣᠯ ᠰᠡᠳᠦᠪ ᠪᠣᠯᠭᠠᠵᠤ᠂ ᠳ᠋ᠠᠩ ᠫᠦ᠋ ᠳ᠋ᠢ ᠶᠢᠨ ᠮᠠᠨᠵᠤ ᠦᠨᠳᠦᠰᠦᠲᠡᠨ ᠤ ᠰᠢᠶᠠᠩ ᠳᠤ ᠬᠤᠭᠤᠴᠠᠭ᠎ᠠ ᠬᠤᠪᠢᠶᠠᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠮᠦᠽᠧᠢ᠂ ᠠᠮᠲᠠᠲᠤ ᠢᠳᠡᠭᠡᠨ ᠤ ᠵᠡᠭᠡᠯᠢ᠂ ᠮᠠᠶᠢᠬᠠᠨ ᠤ ᠪᠠᠭᠤᠴᠠ᠂ ᠠᠷᠠᠳ ᠤᠨ ᠪᠠᠭᠤᠳᠠᠯ᠂ ᠤᠰᠤᠨ ᠵᠡᠭᠡᠯᠢ᠂ ᠬᠡᠦᠬᠡᠳ ᠤᠨ ᠴᠡᠩᠭᠡᠯ ᠤᠨ ᠬᠦᠷᠢᠶᠡᠯᠡᠩ ᠵᠡᠷᠭᠡ ᠶᠢ ᠪᠠᠶᠢᠭᠤᠯᠬᠤ ᠪᠠᠷ ᠪᠤᠢ᠃ ᠲᠣᠰ ᠲᠥᠷᠥᠯ ᠵᠦᠢᠯ ᠪᠣᠯ ᠰᠦᠩᠱᠠᠨ ᠲᠣᠭᠤᠷᠢᠭ ᠤᠨ ︽ᠬᠥᠳᠡᠭᠡ ᠲᠣᠰᠬᠤᠨ ᠤ ᠵᠢᠭᠤᠯᠴᠢᠯᠠᠯ ᠤᠨ ᠵᠣᠷᠢᠭᠰᠠᠨ ᠭᠠᠵᠠᠷ︾ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠨᠢᠭᠡ ᠭᠤᠭᠴᠤᠭ᠎ᠠ ᠮᠥᠨ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠰᠦᠩᠱᠠᠨ ᠲᠣᠭᠤᠷᠢᠭ ᠤᠨ ᠪᠥᠬᠦ ᠬᠤᠲᠠ ᠶᠢᠨ ︽ᠨᠢᠭᠡᠳᠦᠭᠡᠷ ᠹᠷᠣᠨᠲ ᠨᠢᠭᠡ ᠲᠣᠭᠤᠷᠢᠭ ᠨᠢᠭᠡ ᠤᠷᠴᠢᠮ︾ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃    ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠭᠡ ᠠᠵᠤ ᠠᠬᠤᠢ ᠬᠤᠳᠠᠯᠳᠤᠭ᠎ᠠ ᠰᠣᠶᠣᠯ ᠵᠤᠭᠠᠴᠠᠯ ᠤᠨ ᠦᠢᠯᠡᠰ ᠪᠡᠶ᠎ᠡ ᠶᠢᠨ ᠲᠠᠮᠢᠷ ᠢ ᠠᠭᠤᠰᠤᠯᠴᠠᠭᠤᠯᠤᠨ ᠬᠥᠭᠵᠢᠭᠦᠯᠬᠦ ᠰᠡᠳᠬᠢᠴᠡ ᠪᠠᠷ᠂ ᠵᠤᠭᠠᠴᠠᠯ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠤᠭᠠᠴᠠᠯ ᠤᠨ ᠬᠢᠯᠠᠰ ᠴᠡᠭ ᠤᠨ ᠲᠦᠷᠦᠯ ᠲᠡᠮᠳᠡᠭ ᠢ ᠴᠢᠷᠮᠠᠶᠢᠨ ᠡᠭᠦᠳᠴᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠤᠣᠯᠳᠠᠯᠭ᠎ᠠ ᠲᠠᠢ ᠰᠣᠶᠣᠯ ᠵᠤᠭᠠᠴᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠪᠦᠬᠦ ᠲᠤᠭᠤᠷᠢᠭ ᠤᠨ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠶᠢ ᠪᠠᠷᠢᠮᠲᠠᠯᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号