ᠶᠡᠷᠦᠩᠬᠡᠶ ᠪᠠᠯᠠ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠲᠤ ᠬᠦᠷᠬᠦ ᠳ᠋ᠡ ᠰᠢᠩ ᠯᠦᠩ ᠬᠥᠳᠡᠭᠡ ᠲᠣᠰᠬᠤᠨ ᠤ ᠵᠢᠭᠤᠯᠴᠢᠯᠠᠯ ᠤᠨ ᠲᠦᠷᠦᠯ ᠵᠦᠢᠯ ᠳᠤ ᠵᠢᠩᠬᠢᠨᠢ ᠪᠠᠷ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2023/8/9
    8 ᠰᠠᠷ᠎ᠠ ᠶᠢᠨ 7 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤᠯᠠᠭᠠᠨᠬᠠᠳᠠ ᠬᠤᠳᠠ ᠶᠢᠨ ᠰᠢᠶᠠᠩ ᠶᠦᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠳ᠋ᠠ ᠰᠢᠩ ᠯᠦᠩ ᠬᠥᠳᠡᠭᠡ ᠲᠣᠰᠬᠤᠨ ᠤ ᠵᠤᠭᠠᠴᠠᠯ ᠤᠨ ᠲᠦᠷᠦᠯ ᠵᠦᠢᠯ ᠤᠨ ᠲᠤᠬᠠᠢ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠶᠠᠨ ᠹᠦ᠋ ᠶᠣᠰᠣᠯᠠᠯ ᠳᠤ ᠣᠷᠣᠯᠴᠠᠪᠠ᠃    ᠳ᠋ᠠ ᠰᠢᠩ ᠯᠦᠩ ᠬᠥᠳᠡᠭᠡ ᠲᠣᠰᠬᠤᠨ ᠤ ᠵᠤᠭᠠᠴᠠᠯ ᠤᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠪᠠᠷ ᠭᠤᠣᠯ ᠰᠡᠳᠦᠪ ᠪᠣᠯᠭᠠᠵᠤ᠂ ᠳ᠋ᠠᠩ ᠫᠦ᠋ ᠳ᠋ᠢ ᠶᠢᠨ ᠮᠠᠨᠵᠤ ᠦᠨᠳᠦᠰᠦᠲᠡᠨ ᠤ ᠰᠢᠶᠠᠩ ᠳᠤ ᠬᠤᠭᠤᠴᠠᠭ᠎ᠠ ᠬᠤᠪᠢᠶᠠᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠮᠦᠽᠧᠢ᠂ ᠠᠮᠲᠠᠲᠤ ᠢᠳᠡᠭᠡᠨ ᠤ ᠵᠡᠭᠡᠯᠢ᠂ ᠮᠠᠶᠢᠬᠠᠨ ᠤ ᠪᠠᠭᠤᠴᠠ᠂ ᠠᠷᠠᠳ ᠤᠨ ᠪᠠᠭᠤᠳᠠᠯ᠂ ᠤᠰᠤᠨ ᠵᠡᠭᠡᠯᠢ᠂ ᠬᠡᠦᠬᠡᠳ ᠤᠨ ᠴᠡᠩᠭᠡᠯ ᠤᠨ ᠬᠦᠷᠢᠶᠡᠯᠡᠩ ᠵᠡᠷᠭᠡ ᠶᠢ ᠪᠠᠶᠢᠭᠤᠯᠬᠤ ᠪᠠᠷ ᠪᠤᠢ᠃ ᠲᠣᠰ ᠲᠥᠷᠥᠯ ᠵᠦᠢᠯ ᠪᠣᠯ ᠰᠦᠩᠱᠠᠨ ᠲᠣᠭᠤᠷᠢᠭ ᠤᠨ ︽ᠬᠥᠳᠡᠭᠡ ᠲᠣᠰᠬᠤᠨ ᠤ ᠵᠢᠭᠤᠯᠴᠢᠯᠠᠯ ᠤᠨ ᠵᠣᠷᠢᠭᠰᠠᠨ ᠭᠠᠵᠠᠷ︾ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠨᠢᠭᠡ ᠭᠤᠭᠴᠤᠭ᠎ᠠ ᠮᠥᠨ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠰᠦᠩᠱᠠᠨ ᠲᠣᠭᠤᠷᠢᠭ ᠤᠨ ᠪᠥᠬᠦ ᠬᠤᠲᠠ ᠶᠢᠨ ︽ᠨᠢᠭᠡᠳᠦᠭᠡᠷ ᠹᠷᠣᠨᠲ ᠨᠢᠭᠡ ᠲᠣᠭᠤᠷᠢᠭ ᠨᠢᠭᠡ ᠤᠷᠴᠢᠮ︾ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃    ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠭᠡ ᠠᠵᠤ ᠠᠬᠤᠢ ᠬᠤᠳᠠᠯᠳᠤᠭ᠎ᠠ ᠰᠣᠶᠣᠯ ᠵᠤᠭᠠᠴᠠᠯ ᠤᠨ ᠦᠢᠯᠡᠰ ᠪᠡᠶ᠎ᠡ ᠶᠢᠨ ᠲᠠᠮᠢᠷ ᠢ ᠠᠭᠤᠰᠤᠯᠴᠠᠭᠤᠯᠤᠨ ᠬᠥᠭᠵᠢᠭᠦᠯᠬᠦ ᠰᠡᠳᠬᠢᠴᠡ ᠪᠠᠷ᠂ ᠵᠤᠭᠠᠴᠠᠯ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠤᠭᠠᠴᠠᠯ ᠤᠨ ᠬᠢᠯᠠᠰ ᠴᠡᠭ ᠤᠨ ᠲᠦᠷᠦᠯ ᠲᠡᠮᠳᠡᠭ ᠢ ᠴᠢᠷᠮᠠᠶᠢᠨ ᠡᠭᠦᠳᠴᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠤᠣᠯᠳᠠᠯᠭ᠎ᠠ ᠲᠠᠢ ᠰᠣᠶᠣᠯ ᠵᠤᠭᠠᠴᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠪᠦᠬᠦ ᠲᠤᠭᠤᠷᠢᠭ ᠤᠨ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠶᠢ ᠪᠠᠷᠢᠮᠲᠠᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号