ᠰᠦᠩᠱᠠᠨ ᠲᠣᠭᠤᠷᠢᠭ ᠤᠨ ᠡᠨᠡ ᠨᠢᠭᠡ ᠭᠠᠵᠠᠷ ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠤ ᠨᠡᠷᠡᠰ ᠤᠨ ᠵᠢᠭᠰᠠᠭᠠᠯᠲᠠ ᠳᠤ ᠣᠷᠣᠪᠠ
ᠨᠡᠶᠢᠲᠡᠯᠡᠭᠰᠡᠨ ᠴᠠᠭ᠄
2023/9/20
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠤ ᠨᠡᠷᠡᠰ ᠢ ᠨᠡᠶᠢᠲᠡᠯᠡᠪᠡ᠂ ᠡᠭᠦᠨ ᠳᠤ᠂ ᠰᠦᠩᠱᠠᠨ ᠲᠣᠭᠤᠷᠢᠭ ᠤᠨ ᠬᠠᠭᠤᠴᠢᠨ ᠬᠤᠷᠤᠭ᠎ᠠ ᠪᠠᠯᠭᠠᠰᠤᠨ ᠤ ᠮᠣᠩᠭᠤᠯ ᠶᠢᠩᠽᠢ ᠲᠣᠰᠬᠤᠨ ᠨᠡᠷᠡᠰ ᠤᠨ ᠵᠢᠭᠰᠠᠭᠠᠯᠲᠠ ᠳᠤ ᠤᠷᠤᠭᠰᠠᠨ ᠪᠠᠶᠢᠨ᠎ᠠ᠃    ᠮᠣᠩᠭᠤᠯ ᠶᠢᠩᠽᠢ ᠲᠣᠰᠬᠤᠨ ᠪᠣᠯ ᠬᠠᠭᠤᠴᠢᠨ ᠬᠤᠷᠤᠭ᠎ᠠ ᠪᠠᠯᠭᠠᠰᠤ ᠶᠢᠨ ᠵᠡᠭᠦᠨ ᠡᠮᠦᠨ᠎ᠡ ᠪᠡᠶ᠎ᠡ ᠳᠤ ᠪᠠᠶᠢᠷᠢᠯᠠᠵᠤ᠂ ᠤᠯᠠᠭᠠᠨᠬᠠᠳᠠ ᠬᠤᠳᠠ ᠶᠢᠨ ᠲᠣᠭᠤᠷᠢᠭ ᠠᠴᠠ 70 ᠺᠢᠯᠤᠮᠧᠲᠷ ᠵᠠᠶᠢᠲᠠᠢ᠂ ᠡᠮᠦᠨ᠎ᠡ ᠪᠠᠨ ᠬᠠᠷᠠᠴᠢᠨ ᠬᠤᠰᠢᠭᠤ ᠲᠠᠢ ᠬᠥᠷᠰᠢᠯᠡᠵᠦ᠂ ᠪᠠᠷᠠᠭᠤᠨ ᠢᠶᠠᠨ  ᠤᠯᠢᠶᠠᠰᠤᠲᠠᠢ ᠶᠢᠨ ᠤᠢ ᠰᠢᠭᠤᠢ ᠶᠢᠨ ᠵᠤᠭᠠᠴᠠᠯ ᠠᠮᠠᠷᠠᠯᠲᠠ ᠶᠢᠨ ᠣᠷᠣᠨ ᠲᠠᠢ ᠬᠥᠷᠰᠢᠯᠡᠵᠦ᠂ ᠤᠯᠤᠰ ᠤᠨ ᠵᠠᠮ ᠤᠨ 111 ᠱᠤᠭᠤᠮ ᠪᠣᠯᠤᠨ ᠵᠢᠩ ᠲᠦᠩ ᠳᠡᠮᠤᠷ ᠵᠠᠮ ᠤᠢᠢᠷ᠎ᠠ ᠬᠠᠪᠢ ᠪᠠᠷ ᠨᠢ ᠥᠩᠭᠡᠷᠡᠨ᠎ᠡ᠃    ᠤᠢᠢᠷ᠎ᠠ ᠶᠢᠨ ᠵᠢᠯ ᠤᠨ ᠲᠤᠷᠰᠢ᠂ ᠮᠣᠩᠭᠤᠯ ᠶᠢᠩᠽᠢ ᠲᠣᠰᠬᠤᠨ ᠲᠤᠬᠠᠢ ᠶᠢᠨ ᠭᠠᠵᠠᠷ ᠲᠤ ᠣᠨᠴᠠ ᠪᠠᠶᠢᠳᠠᠭ ᠪᠠᠶᠢᠭᠠᠯᠢ ᠶᠢᠨ ᠡᠬᠢ ᠪᠠᠶᠠᠯᠢᠭ ᠪᠣᠯᠤᠨ ᠭᠠᠵᠠᠷ ᠣᠷᠣᠨ ᠤ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠣᠷᠣᠨ ᠪᠦᠰᠡ ᠶᠢᠨ ᠳᠣᠲᠣᠷ᠎ᠠ ᠪᠠᠨ ᠠᠷᠰᠢ ᠶᠢᠨ ᠬᠥᠨᠳᠡᠶ ︵ᠠᠷᠰᠢ ᠶᠢᠨ ᠭᠤᠤ︶ ᠶᠢᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠣᠷᠣᠨ ᠢ ᠬᠦᠭᠵᠢᠭᠦᠯᠪᠡ᠃ ᠦᠵᠡᠮᠵᠢ ᠶᠢᠨ ᠣᠷᠣᠨ ᠤ ᠵᠤᠭᠠᠴᠠᠯ ᠤᠨ ᠲᠠᠯᠠᠪᠠᠶ ᠨᠢ 105 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠰᠠᠬᠢᠭᠤᠯᠰᠤᠨ ᠤ ᠬᠥᠨᠳᠡᠶ᠂ ᠰᠦᠩᠱᠠᠨ ᠤ ᠪᠠᠷᠠᠭᠤᠨ ᠬᠤᠸᠠᠩᠱᠠᠨ ᠠᠭᠤᠯᠠ᠂ ᠮᠢᠩᠭᠠᠨ ᠪᠤᠷᠬᠠᠨ ᠤ ᠠᠭᠤᠯᠠ ᠵᠡᠷᠭᠡ ᠭᠤᠷᠪᠠᠨ ᠶᠡᠭᠡ ᠦᠵᠡᠮᠵᠢ ᠶᠢᠨ ᠣᠷᠣᠨ ᠬᠤᠪᠢᠶᠠᠨ᠎ᠠ᠃ ᠠᠷᠰᠢ ᠶᠢᠨ ᠬᠥᠨᠳᠡᠶ ᠶᠢᠨ ᠦᠵᠡᠮᠵᠢ ᠶᠢᠨ ᠣᠷᠣᠨ ᠳᠤ ᠪᠠᠯᠠᠷ ᠡᠷᠲᠡᠨ ᠤ ᠡᠭᠦᠰᠦᠮᠡᠯ ᠣᠶ 20 ᠲᠦᠮᠡᠨ ᠮᠥ᠂ ᠪᠠᠶᠢᠭᠠᠯᠢ ᠶᠢᠨ ᠬᠦᠢᠯᠡᠰᠦᠨ ᠮᠣᠳᠣ 3 ᠲᠦᠮᠡᠨ ᠮᠥ᠂ ᠨᠠᠷᠠᠰᠤ᠂ ᠠᠷᠴᠠ᠂ ᠬᠤᠰᠤ᠂ ᠠᠯᠢᠮ᠎ᠠ ᠵᠡᠷᠭᠡ ᠡᠯ᠎ᠡ ᠲᠥᠷᠥᠯ ᠤᠨ ᠮᠣᠳᠣ 120 ᠭᠠᠷᠤᠶ ᠲᠥᠷᠥᠯ ᠪᠠᠶᠢᠵᠤ᠂ ᠬᠥᠬᠦᠭᠡ᠂ ᠮᠥᠭᠦ᠂ ᠣᠶᠢᠮ᠎ᠠ᠂ ᠰᠢᠷ᠎ᠠ ᠴᠡᠴᠡᠭ ᠵᠡᠷᠭᠡ ᠵᠡᠷᠯᠢᠭ ᠮᠣᠳᠣ᠂ ᠡᠪᠡᠰᠦᠯᠢᠭ ᠤᠷᠭᠤᠮᠠᠯ ᠪᠠ ᠬᠢᠲᠠᠳ ᠡᠪᠡᠰᠦᠨ ᠡᠮ ᠵᠠᠭᠤ ᠭᠠᠷᠤᠶ ᠲᠥᠷᠥᠯ ᠪᠠᠶᠢᠵᠤ᠂ ᠴᠤᠯᠤ ᠪᠠᠶᠢᠭᠠᠯᠢᠯᠢᠭ ᠢᠳᠡᠭᠡᠨ ᠤ ᠡᠷᠳᠡᠨᠢ ᠶᠢᠨ ᠬᠥᠮᠥᠷᠭᠡ ᠪᠣᠯᠤᠨ᠎ᠠ᠃    ︽ᠠᠭᠤᠯᠠ ᠤᠰᠤᠨ ᠤ ᠠᠷᠰᠢ ᠶᠢᠨ ᠵᠢᠯᠠᠭ᠎ᠠ᠂ ᠬᠥᠳᠡᠭᠡ ᠨᠤᠲᠤᠭ ᠤᠨ ᠮᠣᠩᠭᠤᠯ ᠬᠤᠸᠠᠷᠠᠨ︾ ᠭᠡᠬᠦ ᠲᠦᠷᠦᠯ ᠲᠡᠮᠳᠡᠭ ᠲᠤ ᠰᠠᠭᠤᠷᠢᠯᠠᠵᠤ᠂ ᠮᠣᠩᠭᠤᠯ ᠶᠢᠩᠽᠢ ᠲᠣᠰᠬᠤᠨ ᠤ ᠬᠢᠨ ᠪᠦᠬᠦ ᠣᠷᠣᠨ ᠪᠦᠰᠡ ᠶᠢᠨ ᠪᠦᠬᠦ ᠤᠯᠠᠷᠢᠯ ᠤᠨ ᠪᠠ ᠵᠦᠷᠢᠶᠡᠴᠢᠯᠡᠭᠰᠡᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠲᠡᠦᠬᠡ ᠰᠣᠶᠣᠯ ᠢᠷᠭᠡᠨᠰᠢᠯ᠂ ᠬᠥᠳᠡᠭᠡ ᠨᠤᠲᠤᠭ ᠤᠨ ᠣᠶᠢᠯᠠᠭᠠᠯᠲᠠ᠂ ᠪᠠᠶᠢᠭᠠᠯᠢ ᠶᠢᠨ ᠠᠮᠢ ᠠᠬᠤᠢ ᠵᠡᠷᠭᠡ ᠭᠤᠷᠪᠠᠨ ᠶᠡᠭᠡ ᠡᠯᠧᠮᠧᠨ᠋ᠲ ᠢ ᠠᠭᠤᠰᠤᠯᠴᠠᠭᠤᠯᠵᠤ᠂ ᠲᠠᠷᠢᠶᠠᠯᠠᠩ᠂ ᠰᠣᠶᠣᠯ᠂ ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠪᠠ᠃ ᠵᠤᠭᠠᠴᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ᠂ ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠵᠤᠭᠠᠴᠠᠯ ᠤᠨ ᠵᠠᠬ᠎ᠠ ᠳᠡᠯᠭᠡᠭᠦᠷ ᠢ ᠦᠷᠭᠦᠯᠵᠢᠯᠡᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃    ᠣᠳᠣᠬᠠᠨ ᠳᠤ᠂ ᠪᠦᠬᠦ ᠲᠣᠰᠬᠤᠨ ᠢᠶᠠᠷ ᠢᠶᠠᠨ ᠬᠥᠳᠡᠭᠡ ᠲᠣᠰᠬᠤᠨ ᠤ ᠵᠤᠭᠠᠴᠠᠯ ᠤᠨ ᠪᠦᠲᠦᠭᠡᠭᠳᠡᠬᠦᠨ ᠤ ᠰᠠᠭᠤᠷᠢᠨ ᠢ 6 ᠬᠥᠭᠵᠢᠭᠦᠯᠵᠦ᠂ ᠲᠠᠷᠢᠶᠠᠴᠢᠨ ᠠᠶᠢᠯ ᠤᠨ ᠵᠤᠭᠠᠴᠠᠯ ᠤᠨ ᠦᠢᠯᠡᠰ ᠢ 2 ᠡᠷᠦᠬᠡ᠂ ᠠᠷᠠᠳ ᠤᠨ ᠪᠠᠭᠤᠳᠠᠯ ᠢ 1 ᠡᠷᠦᠬᠡ ᠬᠥᠭᠵᠢᠭᠦᠯᠵᠦ᠂ ᠵᠢᠯ ᠳᠤ 1.2 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ ᠪᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号