9 ᠳ᠋ᠦ᠋ᠭᠡᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠷᠢᠶᠠᠯᠠᠩ ᠮᠠᠯ ᠠᠵᠤ ᠠᠬᠤᠶ ᠶᠢᠨ ᠵᠥᠪᠯᠡᠯ ᠤᠨ ᠡᠷᠬᠢᠯᠡᠭᠴᠢ ᠭᠡᠰᠢᠭᠦᠨ ᠯᠢᠦ ᠶᠦᠩ ᡁᠢ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠵᠢᠴᠢ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠪᠠ ᠬᠠᠤᠯᠢ | ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ ᠬᠢᠪᠠ᠃ ᠰᠦᠩᠱᠠᠨ ᠲᠣᠭᠤᠷᠢᠭ ᠤᠨ ᠤᠳᠤᠷᠢᠳᠤᠯᠭ᠎ᠠ ᠵᠦᠩ ᠴᠢᠩ | ᠰᠦᠩ᠂ ᠸᠠᠩ ᠱᠦᠨ᠂ ᠯᠢ ᠭᠦᠸᠧ ᠯᠢᠨ᠂ ᠢᠦᠢ ᠬᠤᠸᠠ ᠶᠠᠨ ᠪᠠᠷ᠎ᠠ ᠪᠤᠯᠵᠤ ᠪᠠᠶᠢᠴᠠᠭᠠᠪᠠ᠃ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠤᠷᠢᠳ ᠬᠤᠵᠢᠳ ᠥᠪᠥᠷ ᠮᠣᠩᠭᠤᠯ ᠤᠨ ᠯᠢ | ᠾᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠳ᠋ᠠ ᠨᠢᠶᠠᠨ | ᠽᠢ ᠣᠶ ᠰᠢᠭᠤᠶ ᠶᠢᠨ ᠲᠠᠯᠠᠪᠠᠶ ᠶᠢᠨ ᠳ᠋ᠠᠩ ᠫᠦ᠋ ᠳ᠋ᠢ ᠵᠤᠯᠵᠠᠭ᠎ᠠ ᠮᠣᠳᠣᠨ ᠤ ᠬᠦᠷᠢᠶᠡᠯᠡᠩ᠂ ᠥᠪᠥᠷ ᠮᠣᠩᠭᠤᠯ ᠤᠨ | ᠮᠧᠩ ᠯᠦᠩ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠮᠧᠩ ᠯᠦᠩ | ᠦᠷ᠎ᠡ ᠶᠢᠨ ᠦᠢᠯᠡᠰ ᠤᠨ ᠲᠤᠷᠰᠢᠯᠲᠠ ᠶᠢᠨ ᠲᠠᠷᠢᠶ᠎ᠠ᠂ ᠲᠠᠢ ᠫᠢᠩ ᠳ᠋ᠢ ᠪᠠᠯᠭᠠᠰᠤᠨ ᠤ ᠶᠠᠩ ᠱᠦ ᠯᠢᠨ ᠲᠣᠰᠬᠤᠨ ᠪᠠ | ᠱᠠᠨ ᠴᠢᠶᠠᠨ ᠲᠣᠰᠬᠤᠨ᠂ ᠠᠩᠴᠢᠨ ᠪᠠᠯᠭᠠᠰᠤᠨ ᠤ ᠮᠠ ᠵᠢᠶᠠ ᠽᠢ ᠲᠣᠰᠬᠤᠨ ᠵᠡᠷᠭᠡ ᠭᠠᠵᠠᠷ ᠲᠤ ᠭᠦᠨᠵᠡᠭᠡᠶᠢᠷᠡᠵᠦ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠶᠢ ᠬᠡᠷᠡᠭᠵᠢᠭᠦᠯᠦᠭᠰᠡᠨ | ᠪᠠᠶᠢᠳᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠲᠠᠷᠢᠶᠠᠯᠠᠩ ᠤᠨ ᠤᠰᠤ | ᠠᠷᠪᠢᠯᠠᠬᠤ ᠶᠢ ᠲᠥᠯᠬᠢᠨ ᠠᠬᠢᠭᠤᠯᠬᠤ ᠪᠠᠶᠢᠳᠠᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠪᠠ ︽ᠥᠪᠥᠷ | ᠮᠣᠩᠭᠤᠯ ᠤᠨ ︿ᠬᠠᠷ᠎ᠠ ᠬᠥᠷᠥᠰᠥ ᠶᠢ ᠬᠠᠮᠠᠭᠠᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠬᠠᠤᠯᠢ | ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠵᠡᠷᠭᠡ ᠲᠤ ᠨᠢ ᠦᠷᠨᠢᠭᠦᠯᠪᠡ᠃ | ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠰᠦᠩᠱᠠᠨ | ᠲᠣᠭᠤᠷᠢᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠲᠠᠷᠢᠶᠠᠯᠠᠩ ᠤᠨ ᠬᠦᠴᠦᠷᠬᠡᠭ ᠤᠯᠤᠰ ᠢ | ᠲᠦᠷᠭᠡᠳᠬᠡᠨ ᠪᠠᠶᠢᠭᠤᠯᠬᠤ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠰᠢ ᠶᠢᠨ ᠫᠢᠩ | ᠶᠡᠷᠦᠩᠬᠡᠢ ᠱᠦᠵᠢ ᠶᠢᠨ ᠦᠨᠳᠦᠰᠦᠲᠡᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢᠵᠢᠯ ᠤᠨ ᠰᠡᠳᠬᠢᠬᠦᠢ | ᠪᠣᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠤᠳᠤ ᠦᠶ᠎ᠡ ᠶᠢᠨ ᠦᠷ᠎ᠡ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠳᠠᠪᠤᠷᠢ ᠪᠣᠯᠤᠨ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠠ ᠲᠠᠷᠢᠶᠠᠯᠠᠩ ᠤᠨ ᠤᠰᠤ ᠠᠷᠪᠢᠯᠠᠬᠤ | ᠵᠡᠷᠭᠡ ᠪᠠᠷ ︽ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ | ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠥᠨᠳᠥᠷ | ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠣᠳᠣᠬᠢᠴᠢᠯᠠᠭᠰᠠᠨ | ᠪᠣᠬᠢᠷᠲᠤᠯ ᠦᠭᠡᠢ ᠲᠠᠷᠢᠶᠠᠯᠠᠩ ᠤᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ ᠬᠠᠷ᠎ᠠ ᠬᠥᠷᠥᠰᠥ ᠶᠢ | ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠵᠤ᠂ ᠲᠡᠭᠦᠨ ᠢ ᠥᠨᠢ ᠡᠭᠦᠷᠢᠳᠡ ᠠᠷᠠᠳ ᠲᠦᠮᠡᠨ ᠳᠤ ᠪᠤᠶᠠᠨ | ᠦᠢᠯᠡᠳᠬᠦ ᠪᠣᠯᠭᠠᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ | ᠪᠠᠬᠢᠵᠢᠭᠦᠯᠵᠦ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ | ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠢ ᠭᠤᠶᠢᠪᠢᠰᠢ ᠦᠭᠡᠢ ᠰᠠᠶᠢᠲᠤᠷ ᠠᠳᠬᠤᠵᠤ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ |