ᠰᠦᠩᠱᠠᠨ ᠲᠣᠭᠤᠷᠢᠭ 2023 ᠣᠨ ᠤ ︽ᠪᠥᠬᠦ ᠠᠷᠠᠳ ᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/20
    ᠣᠶᠢᠷ᠎ᠠ ᠳᠤ᠂ ᠰᠦᠩᠱᠠᠨ ᠲᠣᠭᠤᠷᠢᠭ ︽ᠪᠥᠬᠦ ᠠᠷᠠᠳ ᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ︽ᠢᠳᠡᠭᠡᠨ ᠤᠮᠳᠠᠭᠠᠨ ᠢᠶᠠᠨ ᠵᠣᠬᠢᠰᠲᠠᠶ ᠪᠠᠶᠢᠯᠭᠠᠬᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ︾ ︽ᠡᠷᠡᠭᠦᠯ ᠴᠢᠭᠢᠷᠠᠭ ᠪᠡᠶ᠎ᠡ ᠶᠢᠨ ᠬᠦᠨᠳᠦ᠂ ᠡᠷᠡᠭᠦᠯ ᠴᠢᠭᠢᠷᠠᠭ ᠴᠢᠰᠤᠨ ᠳᠠᠷᠤᠯᠲᠠ︾ ᠵᠡᠷᠭᠡ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠣᠯᠠᠨ ᠨᠡᠶᠢᠲᠡ ᠪᠠᠷ ᠢᠶᠠᠨ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢᠨ ᠮᠡᠳᠡᠯᠭᠡ ᠶᠢ ᠰᠤᠷᠤᠯᠴᠠᠵᠤ᠂ ᠡᠷᠡᠭᠦᠯ ᠮᠡᠨᠳᠦ ᠶᠢᠨ ᠤᠷ᠎ᠠ ᠴᠢᠳᠠᠪᠤᠷᠢ ᠶᠢ ᠡᠵᠡᠮᠰᠢᠨ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠢᠳᠡᠪᠬᠢᠲᠡᠶ ᠦᠢᠯᠡᠳᠦᠯᠭᠡᠵᠢᠭᠦᠯᠬᠦ ᠶᠢ ᠰᠠᠨᠠᠭᠠᠴᠢᠯᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号