ᠣᠳᠣᠬᠠᠨ ᠳᠤ᠂ ᠮᠧᠩ ᠯᠦᠩ ᠦᠷ᠎ᠡ ᠶᠢᠨ ᠦᠢᠯᠡᠰ᠂ ᠯᠢ ᠾᠧ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠲᠥᠷᠥᠯ ᠤᠨ ᠲᠠᠷᠢᠶᠠᠯᠠᠩ᠂ ᠥᠪᠥᠷ ᠮᠣᠩᠭᠤᠯ ᠤᠨ ᠲᠠᠷᠢᠶᠠᠨ ᠭᠠᠵᠠᠷ ᠤᠨ ᠰᠢᠨᠵᠢᠯᠡᠬᠦ ᠤᠬᠠᠭᠠᠨ | ᠮᠡᠷᠭᠡᠵᠢᠯ ᠵᠡᠷᠭᠡ ᠦᠷ᠎ᠡ ᠶᠢᠨ ᠦᠢᠯᠡᠰ ᠤᠨ ᠠᠵᠤ ᠠᠬᠤᠶᠢᠯᠠᠯ ᠨᠢᠭᠡᠨᠲᠡ ᠰᠦᠩᠱᠠᠨ ᠤ ᠦᠷ᠎ᠡ ᠶᠢᠨ ᠦᠢᠯᠡᠰ ᠤᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠣᠷᠣᠵᠤ᠂ 2 ᠲᠦᠮᠡᠨ ᠮᠥ ᠳᠠᠷᠢᠬᠤ ᠲᠠᠯᠠᠪᠠᠶ ᠶᠢ ᠪᠡᠶᠡᠯᠡᠭᠦᠯᠪᠡ᠃ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠦᠷᠢᠶᠡᠯᠡᠩ ᠲᠣᠭᠤᠷᠢᠭ ᠲᠤ ︽ | ᠳᠤᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠶᠢ ᠪᠡᠶᠡᠯᠡᠭᠦᠯᠪᠡ᠃ ᠡᠭᠦᠨ ᠤ ᠵᠡᠷᠭᠡ ᠳᠤ᠂ ᠰᠦᠩᠱᠠᠨ | ᠲᠣᠭᠤᠷᠢᠭ ᠤᠨ ᠬᠢᠨ 2024 ᠣᠨ ᠳᠤ 1.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠵᠢᠮᠢᠰ ᠤᠨ | ᠲᠦᠷᠦᠭᠦᠤ ᠶᠢ ᠬᠠᠳᠠᠭᠠᠬᠤ 6 ᠱᠤᠭᠤᠮ᠂ ᠬᠠᠳᠠᠭᠠᠯᠠᠵᠤ ᠵᠥᠭᠡᠭᠡᠪᠦᠷᠢᠯᠡᠬᠦ 2 ᠬᠥᠮᠥᠷᠭᠡ᠂ ᠡᠳ᠋ᠰᠢᠭᠦᠯᠦᠨ | ᠦᠢᠯᠡᠳᠪᠦᠷᠢᠯᠡᠬᠦ 1 ᠱᠤᠭᠤᠮ ᠢ ᠪᠠᠶᠢᠭᠤᠯᠵᠤ᠂ ᠠᠵᠤ ᠠᠬᠤᠶᠢᠯᠠᠯ ᠤᠨ ᠦᠷ᠎ᠡ ᠪᠤᠶᠢᠵᠢᠭᠤᠯᠬᠤ ᠬᠡᠷᠡᠭᠴᠡᠭᠡ ᠶᠢ ᠦᠨᠡᠨ | ᠬᠦ ᠪᠠᠲᠤᠯᠠᠬᠤ ᠪᠠᠷ ᠲᠥᠯᠥᠪᠯᠡᠵᠦ ᠪᠠᠶᠢᠨ᠎ᠠ᠃ | ᠰᠦᠩᠱᠠᠨ ᠲᠣᠭᠤᠷᠢᠭ ᠲᠤ ᠣᠲᠣ ᠲᠠᠷᠢᠬᠤ ᠠᠵᠤ ᠠᠬᠤᠶᠢᠯᠠᠯ 37 ᠪᠠᠶᠢᠵᠤ᠂ ᠲᠠᠷᠢᠬᠤ ᠲᠠᠯᠠᠪᠠᠢ 75830 | ᠮᠥ ᠪᠣᠶ᠂ ᠡᠭᠦᠨ ᠳᠤ ᠡᠷᠳᠡᠨᠢ ᠰᠢᠰᠢ ᠶᠢᠨ ᠳᠠᠷᠢᠬᠤ ᠲᠠᠯᠠᠪᠠᠶ 61080 ᠮᠥ᠂ ᠡᠯᠳᠡᠪ ᠠᠮᠤ ᠶᠢᠨ ᠳᠠᠷᠢᠬᠤ ᠲᠠᠯᠠᠪᠠᠶ | 14750 ᠮᠥ ᠪᠣᠶ᠃ ᠳᠠᠷᠠᠭᠠᠴᠢ ᠶᠢᠨ ᠠᠯᠬᠤᠮ ᠳᠤ᠂ ᠰᠦᠩᠱᠠᠨ ᠲᠣᠭᠤᠷᠢᠭ ᠤᠨ ᠬᠢᠨ ᠲᠤᠬᠠᠢ ᠶᠢᠨ ᠭᠠᠵᠠᠷ ᠲᠤᠨᠢ | ᠲᠣᠭᠤᠷᠢᠨ ᠦᠵᠡᠬᠦ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠮᠡᠷᠭᠡᠵᠢᠯ ᠤᠨ ᠰᠣᠯᠢᠯᠴᠠᠭ᠎ᠠ ᠬᠢᠬᠦ᠂ | ᠲᠤᠷᠰᠢᠯᠭ᠎ᠠ ᠪᠠᠨ ᠬᠤᠪᠢᠶᠠᠯᠴᠠᠬᠤ᠂ ᠡᠬᠢ ᠪᠠᠶᠠᠯᠢᠭ ᠢᠶᠠᠨ ᠵᠣᠯᠭᠠᠭᠤᠯᠬᠤ᠂ ᠲᠦᠷᠦᠯ ᠵᠦᠢᠯ ᠤᠨ ᠵᠥᠪᠳᠡᠯᠴᠡᠭᠡ ᠬᠢᠬᠦ | ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠵᠤ᠂ ᠦᠷ᠎ᠡ ᠶᠢᠨ ᠦᠢᠯᠡᠰ ᠤᠨ | ᠬᠠᠮᠢᠶᠠᠷᠤᠯᠲᠠ ᠦᠷᠡᠵᠢᠭᠦᠯᠦᠨ ᠪᠤᠶᠢᠵᠢᠭᠤᠯᠬᠤ ᠶᠢ ᠨᠢᠭᠡ ᠴᠤᠭᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠵᠤ᠂ ᠭᠤᠣᠯ ᠠᠮᠤ ᠪᠤᠳᠠᠭᠠᠨ ᠤ ᠲᠠᠷᠢᠮᠠᠯ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ | ᠬᠡᠯᠬᠢᠶ᠎ᠡ ᠶᠢ ᠥᠷᠭᠡᠳᠬᠡᠵᠦ᠂ ᠦᠷ᠎ᠡ ᠶᠢᠨ ᠦᠢᠯᠡᠰ ᠤᠨ ᠪᠦᠲᠦᠭᠡᠭᠳᠡᠬᠦᠨ ᠤ ᠲᠦᠷᠦᠯ ᠲᠡᠮᠳᠡᠭ ᠤᠨ ᠰᠢᠰᠲ᠋ᠧᠮ ᠤᠨ | ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠲᠡᠰ ᠳᠠᠪᠬᠤᠷᠭ᠎ᠠ ᠶᠢ ᠦᠨᠡᠨᠬᠦ | ᠳᠡᠭᠡᠭᠰᠢᠯᠡᠭᠦᠯᠵᠦ᠂ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠪᠦᠷᠢᠨ ᠲᠦᠬᠦᠷ ᠢᠵᠢ ᠪᠦᠷᠢᠳᠦᠭᠰᠡᠨ᠂ ᠤᠯᠠᠨ | ᠦᠢᠯᠡᠰ ᠢ ᠬᠠᠮᠲᠤᠪᠠᠷ ᠬᠥᠭᠵᠢᠭᠦᠯᠦᠭᠰᠡᠨ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ | ᠲᠣᠭᠤᠷᠢᠭ ᠢᠶᠠᠨ ᠬᠦᠴᠦᠷᠬᠡᠭᠵᠢᠭᠦᠯᠵᠦ ᠲᠠᠷᠢᠶᠠᠴᠢᠨ ᠢ ᠪᠠᠶᠠᠵᠢᠭᠤᠯᠤᠭᠰᠠᠨ ᠰᠣᠳᠣᠨ ᠪᠦᠲᠦᠭᠡᠯ ᠤᠨ ᠬᠢᠯᠠᠰ ᠴᠡᠭ ᠢ | ᠡᠭᠦᠳᠴᠦ᠂ ᠰᠦᠩᠱᠠᠨ ᠲᠣᠭᠤᠷᠢᠭ ᠤᠨ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | |