ᠣᠶᠢᠷ᠎ᠠ ᠳᠤ᠂ ︽ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠤᠯᠠᠭᠠᠨᠬᠠᠳᠠ ᠶᠢᠨ ᠪᠥᠲᠥᠭᠡᠨ | ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠲᠤ ᠴᠣᠭᠴᠠᠯᠠᠶ᠎ᠠ︾ 2023 ᠣᠨ ᠤ ︽ᠠᠮᠤᠷ ᠠᠮᠤᠭᠤᠯᠠᠩ ᠤᠯᠠᠭᠠᠨᠬᠠᠳᠠ ᠶᠢᠨ ᠪᠥᠲᠥᠭᠡᠨ | ᠪᠠᠶᠢᠭᠤᠯᠤᠯᠲᠠ ᠶᠢᠨ ᠤᠬᠠᠭᠤᠯᠭ᠎ᠠ ᠶᠢᠨ ᠰᠠᠷ᠎ᠠ︾ ᠶᠢᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠰᠦᠩᠱᠠᠨ | ᠲᠣᠭᠤᠷᠢᠭ ᠤᠨ ᠵᠧᠨ ᠰᠢᠩ ᠵᠡᠭᠡᠯᠢ ᠭᠤᠳᠤᠮᠵᠢ ᠳᠤ ᠡᠬᠢᠯᠡᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠲᠠ᠂ ᠲᠣᠭᠤᠷᠢᠭ ᠬᠤᠶᠠᠷ ᠱᠠᠲᠤᠨ ᠤ 22 ᠪᠦᠷᠢᠯᠳᠦᠬᠦᠨ | ᠨᠢᠭᠡᠴᠡ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠬᠠᠭᠤᠯᠭ᠎ᠠ ᠶᠢᠨ | ᠯᠠᠪᠯᠠᠯᠭ᠎ᠠ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠤᠷᠠᠨ ᠰᠠᠶᠢᠬᠠᠨ ᠤ ᠲᠣᠭᠯᠠᠯᠲᠠ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠣᠶᠢᠷ᠎ᠠ ᠶᠢᠨ ᠵᠢᠯ ᠤᠨ ᠲᠤᠷᠰᠢᠬᠢ ᠮᠠᠨ ᠤ ᠬᠤᠲᠠ ᠶᠢᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ | ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠤᠷᠢᠶᠠᠯᠠᠨ | ᠠᠮᠤᠷ ᠠᠮᠤᠭᠤᠯᠠᠩ ᠤᠯᠠᠭᠠᠨᠬᠠᠳᠠ ᠶᠢᠨ ᠪᠠᠶᠢᠭᠤᠯᠤᠯᠲᠠ ᠳᠤ ᠥᠩᠭᠡ ᠬᠡᠷᠡᠯ ᠨᠡᠮᠡᠷᠢᠯᠡᠵᠦ᠂ ᠪᠥᠬᠦ ᠨᠡᠶᠢᠭᠡᠮ ᠢᠶᠠᠷ ᠢᠶᠠᠨ | ᠠᠮᠤᠷ ᠠᠮᠤᠭᠤᠯᠠᠩ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠬᠤ ᠶᠢ ᠪᠦᠲᠦᠮᠵᠢᠲᠡᠶ ᠳᠥᠯᠭᠢᠨ ᠠᠬᠢᠭᠤᠯᠵᠤ᠂ ᠬᠤᠲᠠ ᠶᠢᠨ ︽ᠤᠯᠤᠰ ᠲᠥᠷᠥ ᠨᠠᠩ ᠠᠮᠤᠷ ᠲᠦᠪᠰᠢᠨ︾ ︽ | ᠨᠡᠶᠢᠭᠡᠮ ᠨᠠᠩ ᠠᠮᠤᠷ ᠲᠣᠭᠲᠠᠭᠤᠨ︾ ︽ᠠᠷᠠᠳ ᠲᠦᠮᠡᠨ ᠨᠠᠩ ᠠᠮᠤᠷ ᠲᠠᠶᠢᠪᠤᠩ︾ ︽ᠲᠣᠤᠷ ᠰᠦᠯᠵᠢᠶ᠎ᠡ ᠨᠠᠩ | ᠠᠮᠤᠷ ᠲᠦᠪᠰᠢᠨ︾ ᠳᠤ ᠬᠦᠴᠦᠨ ᠨᠡᠮᠡᠷᠢᠯᠡᠪᠡ᠃ |